ᠰᠥᠨᠢᠳ ᠵᠡᠭᠦᠨ ᠬᠤᠰᠢᠭᠤ ᠱᠠᠰᠢᠨ ᠰᠤᠷᠲᠠᠬᠤᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/24
     12 ᠳ᠋ᠤᠭᠠᠷ ᠰᠠᠷ᠎ᠠ ᠎ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠵᠢᠴᠢ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠮᠢᠶ᠎ᠠ ᠪᠥᠬᠦᠶ ᠠᠵᠢᠯ ᠤᠨ ᠲᠥᠰᠦᠯ᠂ ᠪᠡᠯᠡᠳᠬᠡᠯ ᠲᠥᠰᠦᠯ ᠎ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠄ ᠰᠢ ᠶᠢᠨ ᠫᠢᠩ ᠶᠡᠷᠦᠩᠬᠡᠶ ᠱᠦᠵᠢ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠵᠤ᠂ ᠱᠠᠰᠢᠨ ᠰᠤᠷᠲᠠᠬᠤᠨ ᠤ ᠠᠵᠢᠯ ᠪᠣᠯᠤᠨ ᠱᠠᠰᠢᠨ ᠰᠤᠷᠲᠠᠬᠤᠨ ᠤ ᠬᠦᠷᠢᠶᠡᠨ ᠳᠤ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠰᠤᠳᠤᠯᠤᠨ ᠰᠢᠢᠳᠪᠦᠷᠢᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠦᠷᠨᠢᠬᠦᠯᠬᠦ ᠬᠡᠷᠡᠭᠳᠠᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠎ ᠤᠨ ᠲᠣᠭᠲᠠᠴᠠ ᠪᠠᠨ ᠲᠡᠬᠦᠯᠳᠡᠷᠵᠢᠬᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠤᠨ ᠬᠤᠭᠤᠷᠣᠨᠳᠣᠬᠢ ᠬᠠᠮᠵᠢᠯᠴᠠᠭ᠎ᠠ  ᠪᠠᠨ ᠴᠢᠩᠭᠠᠳᠬᠠᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠎ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠪᠡ᠃      ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ  ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ᠂ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号