ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠮᠠᠨ ᠤ ᠬᠤᠰᠢᠭᠤᠨ ᠤ ᠪᠠᠶᠠᠨᠨᠠᠭᠤᠷ ᠪᠠᠯᠭᠠᠰᠤᠨ ᠤ ᠤᠷᠤᠯᠳᠤᠭᠠᠨ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/12/24
     12 ᠳ᠋ᠤᠭᠠᠷ ᠰᠠᠷ᠎ᠠ ᠶᠢᠨ 19᠎ ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠮᠠᠨ ᠤ ᠬᠤᠰᠢᠭᠤᠨ ᠤ ᠪᠠᠶᠠᠨᠨᠠᠭᠤᠷ ᠪᠠᠯᠭᠠᠰᠤᠨ ᠤ ᠤᠷᠤᠯᠳᠤᠭᠠᠨ  ᠠᠮᠵᠢᠯᠳᠠ ᠲᠠᠢ ᠶᠠᠪᠤᠭᠳᠠᠪᠠ᠃      ᠤᠷᠤᠯᠳᠤᠭᠠᠨ ᠳᠤ 15 ᠺᠢᠯᠣᠮᠧᠲᠷ ᠤᠨ ᠰᠢᠨᠳᠠᠰᠦ ᠰᠢᠯᠭᠠᠬᠤ ᠤᠷᠤᠯᠳᠤᠭᠠᠨ᠂ 6000 ᠮᠧᠲᠷ ᠤᠨ  ᠬᠦᠴᠦ ᠵᠠᠯᠭᠠᠬᠤ ᠤᠷᠤᠯᠳᠤᠭᠠᠨ ᠢ ᠲᠤᠬᠢᠷᠠᠭᠤᠯᠵᠦ᠂ ᠡᠯ᠎ᠡ ᠭᠠᠴᠠᠭᠠᠨ ᠤ 24 ᠨᠡᠷ᠎ᠡ ᠤᠷᠤᠯᠳᠤᠭᠠᠨ ᠳᠤ  ᠤᠷᠤᠯᠴᠠᠭᠰᠠᠳ ᠮᠣᠷᠢ ᠤᠨᠤᠨ ᠲᠠᠰᠢᠭᠤᠷ ᠡᠷᠬᠦᠨ᠂ ᠴᠠᠰᠤ ᠴᠠᠭᠠᠨ ᠲᠠᠯ᠎ᠠ ᠨᠤᠲᠤᠭ ᠲᠤ ᠵᠢᠯᠣᠭᠤ ᠪᠠᠨ ᠠᠳᠬᠤᠨ᠂ ᠬᠠᠬᠢᠷ ᠬᠦᠢᠲᠡᠨ ᠠᠴᠠ ᠡᠮᠢᠶᠡᠯ ᠥᠬᠡᠶ ᠪᠠᠷ ᠳᠠᠪᠬᠢᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠨ᠂ ᠴᠤᠴᠠᠯᠲᠠ ᠥᠬᠡᠶ ᠤᠷᠤᠭᠰᠢᠯᠠᠵᠤ᠂ ᠵᠣᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠵᠣᠭᠰᠣᠬᠤ ᠥᠬᠡᠶ︾ ᠪᠠᠶᠢᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠢᠯᠡᠷᠡᠬᠦᠯᠵᠦ᠂ ᠲᠤᠬᠠᠶ ᠶᠢᠨ ᠲᠠᠯᠠᠪᠤᠷ ᠤᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠤᠯᠪᠠ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ ᠡᠴᠦᠰ ᠲᠡᠭᠡᠨ 15 ᠺᠢᠯᠣᠮᠧᠲᠷ ᠤᠨ ᠰᠢᠨᠳᠠᠰᠦ ᠰᠢᠯᠭᠠᠬᠤ ᠤᠷᠤᠯᠳᠤᠭᠠᠨ ᠤ ᠡᠮᠦᠨ᠎ᠡ ᠨᠠᠢᠮᠠ ᠳᠤ ᠬᠤᠷᠳᠤᠯᠠᠭᠰᠠᠨ ᠮᠣᠷ᠊᠂ ᠢ ᠪᠤᠯᠤᠨ6000 ᠮᠧᠲᠷ ᠤᠨ ᠬᠦᠴᠦᠨ ᠵᠠᠯᠭᠠᠬᠤ ᠤᠷᠤᠯᠳᠤᠭᠠᠨ ᠤ ᠡᠮᠦᠨ᠎ᠡ ᠬᠤᠶᠠᠷ ᠲᠤ ᠤᠷᠤᠭᠰᠠᠨ ᠮᠤᠷᠢᠳ ᠨᠢ ᠬᠤᠰᠢᠭᠤ ᠳᠡᠰ ᠤᠨ ᠬᠤᠯᠪᠣᠭᠠᠲᠤ ᠤᠷᠤᠯᠳᠤᠭᠠᠨ ᠳᠤ ᠤᠷᠤᠯᠴᠠᠬᠤ ᠪᠤᠯᠤᠨ᠎ᠠ᠃      ᠤᠷᠤᠯᠳᠤᠭᠠᠨ ᠤ ᠠᠬᠤᠶ ᠲᠠᠯᠠᠪᠠᠶ ᠳᠤ᠂ ᠬᠤᠰᠢᠭᠤ ᠤᠯᠠᠭᠠᠨᠮᠥ᠋ᠴᠢᠷ᠂ ᠮᠣᠷᠢᠨ ᠬᠤᠭᠤᠷ ᠤᠨ ᠬᠦᠭᠵᠢᠮ᠂ ᠢᠷᠠᠭᠤ ᠰᠣᠨᠣᠰᠬᠤᠯᠠᠩ ᠳᠠᠭᠤᠤ ᠳᠠᠭᠤᠯᠠᠨ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠦ᠂ ᠤᠷᠤᠯᠳᠤᠭᠠᠨ ᠳᠤ ᠬᠦᠷ ᠬᠦᠭᠵᠢᠶᠡᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号