ᠰᠥᠨᠢᠳ ᠵᠡᠭᠦᠨ ᠬᠤᠰᠢᠭᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/24
      12 ᠳ᠋ᠤᠭᠠᠷ ᠰᠠᠷ᠎ᠠ ᠶᠢᠨ 21᠎ ᠤ ᠡᠳᠦᠷ᠂ ᠮᠠᠨ ᠤ ᠬᠤᠰᠢᠭᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠵᠢᠴᠢ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠠᠵᠢᠯ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠠᠢ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ  ᠰᠠᠴᠤᠷᠠᠨ ᠵᠢᠴᠢ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠵᠠᠩᠭᠢᠯᠠᠭ᠎ᠠ  ᠎ ᠶᠢᠨ ᠺᠠᠳ᠋ᠷ᠂ ᠡᠯ᠎ᠡ ᠰᠤᠮᠤ ᠪᠠᠯᠭᠠᠰᠤᠨ ᠤ ᠤᠬᠠᠭᠤᠯᠬᠤ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠠᠶ᠃       ᠬᠤᠷᠠᠯ ᠠᠴᠠ ᠵᠢᠭᠠᠵᠦ ᠭᠠᠷᠭᠠᠭᠰᠠᠨ ᠨᠢ᠄ ︽ᠤᠮᠠᠷᠠᠲᠤ ᠶᠢᠨ ᠰᠣᠶᠣᠯ︾ ᠪᠣᠯ ᠳᠤᠮᠳᠠᠳᠤ ᠶᠢᠨ ᠰᠣᠶᠣᠯ ᠎ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠥᠪᠥᠷ ᠮᠣᠩᠭᠤᠯ ᠤᠨ ᠤᠨᠴᠠᠯᠢᠭᠳᠦ ᠣᠷᠣᠨ ᠪᠦᠰᠡ ᠶᠢᠨ ᠴᠢᠨᠠᠷᠲᠠᠢ ᠰᠣᠶᠣᠯ ᠤᠨ ᠲᠦᠷᠦᠯ ᠲᠡᠮᠳᠡᠭ ᠮᠥᠨ᠃ ︽ᠤᠮᠠᠷᠠᠲᠤ ᠶᠢᠨ ᠰᠣᠶᠣᠯ︾᠎ ᠤᠨ ᠲᠦᠷᠦᠯ ᠲᠡᠮᠳᠡᠭ ᠢ ᠡᠭᠦᠳᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠢᠮᠠᠭᠲᠠ ᠠᠩᠬᠠᠷᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠨ ︽ᠤᠮᠠᠷᠠᠲᠤ ᠶᠢᠨ ᠰᠣᠶᠣᠯ︾᠎ ᠢ ᠤᠬᠠᠭᠤᠯᠵᠤ ᠬᠦᠳᠦᠯᠦᠨ ᠳᠠᠭᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃       ᠬᠤᠷᠠᠯ ᠠᠴᠠ ᠱᠠᠭᠠᠷᠳᠠᠭᠰᠠᠨ ᠨᠢ᠄ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ  ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠎ ᠢᠶᠠᠨ ᠴᠢᠩᠭᠠᠳᠬᠠᠨ᠂ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠎ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠎ ᠤᠨ ᠲᠣᠭᠤᠷᠢᠨ ᠳᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠦ᠂ ᠣᠨᠣᠯ ᠢᠶᠠᠷ ᠵᠡᠪᠰᠡᠭᠯᠡᠬᠦ ᠶᠢ ᠬᠦᠨᠵᠡᠬᠡᠶᠢᠷᠡᠬᠦᠯᠦᠨ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠦ᠂ ᠭᠤᠤᠯ ᠤᠷᠤᠰᠬᠠᠯ ᠤᠨ ᠦᠨ᠎ᠡ ᠥᠷᠲᠡᠭ ᠢ ᠦᠢᠯᠡᠳᠦᠯᠬᠡᠵᠢᠬᠦᠯᠦᠨ᠂ ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠵᠤ᠂ ᠣᠯᠠᠨ ᠤᠯᠤᠰ ᠎ ᠲᠤ ᠲᠠᠮᠵᠢᠭᠤᠯᠬᠤ ᠶᠢ ᠴᠢᠩᠭᠠᠳᠬᠠᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠰᠦᠯᠵᠢᠶᠡᠨ ᠤ ᠠᠮᠤᠷ ᠲᠦᠪᠰᠢᠨ ᠢ ᠠᠬᠢᠭᠤᠯᠤᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ ᠬᠡᠪᠡ᠃       ᠰᠤᠷᠤᠯᠴᠠᠯᠭ᠎ᠠ ᠳᠤ ᠣᠷᠣᠯᠴᠠᠭᠰᠠᠳ ᠠᠴᠠ᠂ ᠬᠤᠶᠢᠰᠢᠳᠠ ᠶᠢᠨ ᠠᠵᠢᠯ ᠳᠤᠮᠳᠠ ᠪᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠦᠵᠡᠯ ᠰᠠᠨᠠᠭ᠎ᠠ᠂ ᠤᠯᠤᠰ ᠲᠥᠷᠥ ᠂ ᠦᠢᠯᠡ ᠠᠵᠢᠯᠯᠠᠭᠠᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠭᠤᠤᠯ ᠰᠢᠵᠢᠮ ᠢ ᠪᠠᠲᠤ ᠡᠵᠮᠡᠰᠢᠨ᠂ ᠮᠠᠨ ᠤ ᠬᠤᠰᠢᠭᠤᠨ ᠤ ᠵᠥᠪ ᠲᠠᠯ᠎ᠠ ᠶᠢᠨ ᠳᠦᠷᠢ ᠲᠥᠷᠬᠦ ᠶᠢ ᠤᠬᠠᠭᠤᠯᠤᠨ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠬᠡᠵᠦ ᠢᠯᠡᠷᠬᠡᠶᠢᠯᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号