ᠰᠥᠨᠢᠳ ᠵᠡᠭᠦᠨ ᠬᠤᠰᠢᠭᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/24
      12 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠬᠤᠰᠢᠭᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠵᠢᠴᠢ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠠᠵᠢᠯ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠠᠢ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ  ᠰᠠᠴᠤᠷᠠᠨ ᠵᠢᠴᠢ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠵᠠᠩᠭᠢᠯᠠᠭ᠎ᠠ   ᠶᠢᠨ ᠺᠠᠳ᠋ᠷ᠂ ᠡᠯ᠎ᠡ ᠰᠤᠮᠤ ᠪᠠᠯᠭᠠᠰᠤᠨ ᠤ ᠤᠬᠠᠭᠤᠯᠬᠤ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠠᠶ᠃       ᠬᠤᠷᠠᠯ ᠠᠴᠠ ᠵᠢᠭᠠᠵᠦ ᠭᠠᠷᠭᠠᠭᠰᠠᠨ ᠨᠢ᠄ ︽ᠤᠮᠠᠷᠠᠲᠤ ᠶᠢᠨ ᠰᠣᠶᠣᠯ︾ ᠪᠣᠯ ᠳᠤᠮᠳᠠᠳᠤ ᠶᠢᠨ ᠰᠣᠶᠣᠯ  ᠤᠨ ᠴᠢᠬᠤᠯᠠ ᠪᠦᠷᠢᠯᠳᠦᠬᠦᠨ ᠬᠡᠰᠡᠭ ᠮᠥᠨ᠂ ᠥᠪᠥᠷ ᠮᠣᠩᠭᠤᠯ ᠤᠨ ᠤᠨᠴᠠᠯᠢᠭᠳᠦ ᠣᠷᠣᠨ ᠪᠦᠰᠡ ᠶᠢᠨ ᠴᠢᠨᠠᠷᠲᠠᠢ ᠰᠣᠶᠣᠯ ᠤᠨ ᠲᠦᠷᠦᠯ ᠲᠡᠮᠳᠡᠭ ᠮᠥᠨ᠃ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠢᠮᠠᠭᠲᠠ ᠠᠩᠬᠠᠷᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠨ ︽ᠤᠮᠠᠷᠠᠲᠤ ᠶᠢᠨ ᠰᠣᠶᠣᠯ︾ ᠢ ᠤᠬᠠᠭᠤᠯᠵᠤ ᠬᠦᠳᠦᠯᠦᠨ ᠳᠠᠭᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃       ᠬᠤᠷᠠᠯ ᠠᠴᠠ ᠱᠠᠭᠠᠷᠳᠠᠭᠰᠠᠨ ᠨᠢ᠄ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ  ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ  ᠢᠶᠠᠨ ᠴᠢᠩᠭᠠᠳᠬᠠᠨ᠂ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ  ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠦ᠂ ᠣᠨᠣᠯ ᠢᠶᠠᠷ ᠵᠡᠪᠰᠡᠭᠯᠡᠬᠦ ᠶᠢ ᠬᠦᠨᠵᠡᠬᠡᠶᠢᠷᠡᠬᠦᠯᠦᠨ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠦ᠂ ᠭᠤᠤᠯ ᠤᠷᠤᠰᠬᠠᠯ ᠤᠨ ᠦᠨ᠎ᠡ ᠥᠷᠲᠡᠭ ᠢ ᠦᠢᠯᠡᠳᠦᠯᠬᠡᠵᠢᠬᠦᠯᠦᠨ᠂ ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠵᠤ᠂ ᠣᠯᠠᠨ ᠤᠯᠤᠰ  ᠲᠤ ᠲᠠᠮᠵᠢᠭᠤᠯᠬᠤ ᠶᠢ ᠴᠢᠩᠭᠠᠳᠬᠠᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠰᠦᠯᠵᠢᠶᠡᠨ ᠤ ᠠᠮᠤᠷ ᠲᠦᠪᠰᠢᠨ ᠢ ᠠᠬᠢᠭᠤᠯᠤᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ ᠬᠡᠪᠡ᠃       ᠰᠤᠷᠤᠯᠴᠠᠯᠭ᠎ᠠ ᠳᠤ ᠣᠷᠣᠯᠴᠠᠭᠰᠠᠳ ᠠᠴᠠ᠂ ᠬᠤᠶᠢᠰᠢᠳᠠ ᠶᠢᠨ ᠠᠵᠢᠯ ᠳᠤᠮᠳᠠ ᠪᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠦᠵᠡᠯ ᠰᠠᠨᠠᠭ᠎ᠠ᠂ ᠤᠯᠤᠰ ᠲᠥᠷᠥ ᠂ ᠦᠢᠯᠡ ᠠᠵᠢᠯᠯᠠᠭᠠᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠭᠤᠤᠯ ᠰᠢᠵᠢᠮ ᠢ ᠪᠠᠲᠤ ᠡᠵᠮᠡᠰᠢᠨ᠂ ᠮᠠᠨ ᠤ ᠬᠤᠰᠢᠭᠤᠨ ᠤ ᠵᠥᠪ ᠲᠠᠯ᠎ᠠ ᠶᠢᠨ ᠳᠦᠷᠢ ᠲᠥᠷᠬᠦ ᠶᠢ ᠤᠬᠠᠭᠤᠯᠤᠨ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠬᠡᠵᠦ ᠢᠯᠡᠷᠬᠡᠶᠢᠯᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号