ᠮᠠᠨ ᠤ ᠬᠤᠰᠢᠭᠤᠨ ᠤ ᠰᠤᠷᠤᠯᠭ᠎ᠠ ᠶᠢ ᠲᠡᠳᠬᠦᠬᠦ ᠲᠥᠷᠥ ᠶᠢᠨ ᠪᠣᠳᠣᠯᠭ᠎ᠠ ᠨᠢ ᠦᠶ ᠣᠯᠠᠨ ᠰᠤᠷᠤᠭᠴᠢᠳ ᠲᠤ ᠬᠦᠰᠡᠯ ᠵᠡᠭᠦᠳᠦ ᠶᠢᠨ ︽ᠵᠢᠭᠦᠷ︾ ᠤᠷᠭᠤᠭᠤᠯᠵᠤ ᠥᠭᠭᠦᠨ᠎ᠡ
ᠨᠡᠶᠢᠲᠡᠯᠡᠭᠰᠡᠨ ᠴᠠᠭ᠄
2023/12/24
      ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠦᠢᠯᠡᠴᠢᠯᠡᠭᠡᠨ ᠤ ᠲᠥᠪ ︽ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠶ ᠠᠪᠴᠠᠯᠲᠤᠭᠤᠯᠵᠤ᠂ ᠬᠠᠷᠢᠭᠤᠴᠠᠯᠭ᠎ᠠ ᠶᠢ ᠰᠤᠯᠠᠷᠠᠭᠤᠯᠬᠤ ᠦᠭᠡᠶ᠂ ᠬᠦᠴᠦᠨ ᠢ ᠰᠤᠯᠠᠷᠠᠭᠤᠯᠬᠤ ᠦᠭᠡᠶ᠂ ᠬᠢᠨᠠᠨ ᠬᠡᠮᠵᠢᠯᠲᠡ ᠶᠢ ᠣᠷᠬᠢᠭᠳᠠᠭᠤᠯᠬᠤ ᠦᠭᠡᠶ︾ ᠪᠠᠶᠢᠬᠤ ᠵᠠᠷᠴᠢᠮ  ᠢ ᠢᠮᠠᠭᠲᠠ ᠪᠠᠷᠢᠮᠲᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠷᠢᠴᠠᠭᠤᠯᠬᠤ ᠪᠠ ᠤᠨᠢᠨ ᠳᠡᠭᠡᠷ᠎ᠡ ᠨᠢ ᠤᠶᠢᠯᠠᠭᠠᠨ ᠵᠢᠭᠰᠠᠭᠠᠬᠤ ᠠᠵᠢᠯ ᠢᠶᠠᠷ ᠳᠠᠮᠵᠢᠭᠤᠯᠵᠤ᠂ ᠬᠥᠴᠢᠷᠲᠠᠯᠲᠠᠢ ᠡᠷᠦᠬᠡ ᠶᠢᠨ ᠦᠷ᠎ᠡ ᠬᠡᠦᠬᠡᠳ ᠢ ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠᠨ ᠳᠤ ᠣᠷᠣᠭᠤᠯᠵᠤ᠂ ᠰᠤᠷᠤᠭᠴᠢ ᠨᠢᠭᠡᠪᠦᠷᠢ ᠶᠢᠨ ᠬᠠᠪᠰᠤᠷᠤᠯᠭ᠎ᠠ ᠬᠦᠷᠲᠡᠬᠦ ᠶᠢ ᠪᠠᠲᠤᠯᠠᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠬᠦᠴᠦᠨ ᠴᠢᠳᠠᠯ ᠢᠶᠠᠨ ᠡᠷᠭᠦᠵᠤ ᠪᠠᠶᠢᠨ᠎ᠠ᠃       ᠣᠶᠢᠯᠠᠭᠠᠭᠰᠠᠨ ᠢᠶᠠᠷ᠂ ᠰᠣᠷᠣᠭᠴᠢ ᠨᠢᠭᠡᠪᠦᠷᠢ ᠳᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠬᠦ ᠶᠢᠨ ᠲᠤᠰᠠᠲᠠ᠂ ᠮᠠᠨ ᠤ ᠬᠤᠰᠢᠭᠤᠨ ᠤ ᠰᠤᠷᠤᠯᠭ᠎ᠠ ᠶᠢ ᠲᠡᠳᠬᠦᠬᠦ ᠤᠶᠢᠯᠡᠴᠢᠯᠡᠭᠡᠨ ᠤ ᠲᠥᠪ ︽ᠡᠳ᠋ᠯᠡᠬᠦ ᠶᠣᠰᠣᠲᠠᠶ ᠶᠢ ᠨᠢ ᠴᠥᠮ ᠡᠳ᠋ᠯᠡᠵᠦ᠂ ᠲᠤᠰᠠᠯᠠᠬᠤ ᠶᠣᠰᠣᠲᠠᠶ ᠶᠢ ᠨᠢ ᠴᠥᠮ ᠲᠤᠰᠠᠯᠠᠬᠤ︾ ᠵᠠᠷᠴᠢᠮ ᠶᠣᠰᠣᠭᠠᠷ᠂ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠪᠣᠶ ᠪᠥᠬᠦᠶ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ᠂ ᠣᠨᠴᠠᠭᠠᠶ ᠬᠦᠴᠢᠷᠳᠡᠯᠲᠡᠶ ᠰᠣᠷᠣᠭᠴᠢ ᠪᠠ ᠣᠷᠣᠯᠭ᠎ᠠ ᠪᠠᠭ᠎ᠠ ᠬᠡᠷ ᠪᠦᠯᠢ ᠶᠢᠨ ᠰᠣᠷᠣᠭᠴᠢ ᠳᠤ ᠰᠤᠷᠭᠠᠨ ᠬᠥᠮᠦᠵᠢᠯ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠩᠭᠠᠵᠤ᠂ 2023 ᠣᠨ ᠳᠤ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠯᠭ᠎ᠠ ᠶᠢ ᠲᠡᠳᠬᠦᠬᠦ ᠪᠠᠯᠠ ᠮᠥᠩᠭᠦ 388.47 ᠲᠦᠮᠡᠨ ᠲᠥᠭᠦᠷᠢᠭ ᠨᠠᠶᠢᠲᠠᠪᠥᠷᠢᠵᠢᠭᠤᠯᠵᠤ᠂ ᠡᠭᠦᠨ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠯᠭ᠎ᠠ ᠶᠢ ᠲᠡᠳᠬᠦᠬᠦ ᠪᠠᠯᠠ ᠮᠥᠩᠭᠦ 223.97 ᠲᠦᠮᠡᠨ ᠲᠥᠭᠦᠷᠢᠭ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠨᠥᠬᠦᠪᠥᠷᠢ ᠪᠠᠯᠠ ᠮᠥᠩᠭᠦ 45 ᠲᠦᠮᠡᠨ ᠲᠥᠭᠦᠷᠢᠭ᠂ ᠡᠩ ᠤᠨ ᠲᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠥᠬᠦᠪᠥᠷᠢ ᠪᠠᠯᠠ ᠮᠥᠩᠭᠦ 69.67 ᠲᠦᠮᠡᠨ ᠲᠥᠭᠦᠷᠢᠭ᠂ ᠠᠵᠢᠯ ᠮᠡᠷᠭᠡᠵᠢᠯ ᠤᠨ ᠲᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠥᠬᠦᠪᠥᠷᠢ ᠪᠠᠯᠠ ᠮᠥᠩᠭᠦ 49.83 ᠲᠦᠮᠡᠨ ᠲᠥᠭᠦᠷᠢᠭ ᠨᠠᠶᠢᠲᠠᠪᠥᠷᠢᠵᠢᠭᠤᠯᠵᠤ᠂ ᠡᠭᠦᠨ ᠳᠤ ᠰᠤᠷᠤᠯᠭ᠎ᠠ ᠶᠢᠨ ᠲᠡᠳᠬᠦᠮᠵᠢ ᠶᠢᠨ ᠦᠢᠯᠡᠴᠢᠯᠡᠭᠡᠨ ᠤ ᠲᠥᠪ 191 ᠨᠠᠷ᠎ᠠ ᠶᠡᠭᠡ ᠰᠤᠷᠭᠠᠭᠤᠯᠢ ᠶᠢᠨ ᠣᠶᠤᠲᠠᠨ ᠳᠤ 161.88 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵ᠊ ᠶᠢᠨ ᠵᠢᠭᠡᠯᠡᠯᠭᠡ ᠣᠯᠭᠤᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ 36 ᠡᠷᠦᠬᠡ᠂ ᠤᠤᠯ ᠤᠨ ᠲᠠᠩᠰᠠᠯᠠᠵᠤ ᠺᠠᠷᠳ᠋ᠯᠠᠭᠰᠠᠨ ᠬᠢᠨᠠᠨ ᠰᠢᠯᠭᠠᠬᠤ ᠡᠷᠦᠬᠡ ᠶᠢᠨ ᠭᠡᠷ ᠪᠦᠯᠢ ᠨᠢ ᠬᠥᠴᠢᠷᠲᠠᠯᠲᠠᠢ 14 ᠣᠶᠤᠲᠠᠨ ᠳᠤ 44.8 ᠲᠦᠮᠡᠨ ᠲᠥᠭᠦᠷᠢᠭ ᠤᠨ ᠲᠡᠳᠬᠦᠮᠵᠢ ᠶᠢᠨ ᠮᠥᠩᠭᠦ ᠭᠤᠶᠤᠴᠢᠯᠠᠵᠤ ᠥᠭᠴᠡᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号