ᠳᠠᠯᠠᠢ ᠰᠤᠮᠤ 2023 ᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠲᠤᠭᠠᠴᠢᠯᠲᠠ ᠶᠢᠨ ᠦᠨᠡᠯᠡᠯᠲᠡ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
        2023 ᠤᠨ ᠤ12 ᠰᠠᠷ᠎ᠠ ᠶᠢᠨ 13 ᠤ ᠡᠳᠦᠷ᠂ ᠳᠠᠯᠠᠢ ᠰᠤᠮᠤ 2023 ᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ  ᠤᠨ ᠲᠤᠭᠠᠴᠢᠯᠲᠠ ᠶᠢᠨ ᠦᠨᠡᠯᠡᠯᠲᠡ ᠶᠢᠨ ᠬᠤᠷᠠᠯ ᠢ ᠬᠤᠷᠠᠯᠳᠤᠭᠤᠯᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠬᠡᠰᠢᠭᠮᠦ᠋ᠷᠡᠨ ᠨᠦᠬᠦᠷ ᠡᠷᠬᠢᠯᠡᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠭᠦᠳ᠂ ᠭᠠᠴᠠᠭᠠᠨ ᠤ ︽ᠬᠤᠶᠠᠷ ᠵᠦᠪᠯᠡᠯ︾ ᠤᠨ ᠬᠡᠰᠢᠬᠦᠳ᠂ ᠭᠠᠴᠠᠭᠠᠨ ᠤ ᠲᠤᠮᠢᠯᠠᠨ ᠪᠠᠭᠤᠯᠭᠠᠭᠰᠠᠨ ᠨᠢᠬᠡᠳᠤᠭᠡᠷ ᠱᠦᠵᠢ ᠵᠢᠴᠢ ᠠᠵᠢᠯᠯᠠᠬᠤ ᠠᠩᠭᠢ ᠶᠢᠨ ᠬᠡᠰᠢᠬᠦᠳ ᠪᠤᠯᠤᠨ ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠵᠢᠭᠠᠨ ᠵᠢᠯᠤᠭᠤᠳᠤᠭᠴᠢ ᠬᠤᠷᠠᠯ ᠳᠤ ᠤᠷᠤᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠤᠳᠤᠠᠭᠡᠷᠡᠯ ᠨᠦᠬᠦᠷ ᠬᠤᠷᠠᠯ ᠳᠤ ᠤᠷᠤᠯᠴᠠᠨ ᠵᠢᠭᠠᠨ ᠵᠢᠯᠤᠭᠤᠳᠪᠠ᠃         ᠬᠤᠷᠠᠯ ᠳᠡᠭᠡᠷ᠎ᠡ᠂ 6 ᠭᠠᠴᠠᠭᠠᠨ ᠤ ᠨᠠᠮ ᠤᠨ ᠡᠬᠦᠷ ᠤᠨ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠦᠨᠳᠦᠰᠦᠨ ᠱᠠᠲᠤᠨ ᠤ ᠨᠠᠮ  ᠤᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠠᠬᠢᠭᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ᠂ ᠨᠠᠮ ᠤᠨ ᠪᠠᠶᠢᠭᠤᠯᠤᠯᠲᠠ ᠶᠢᠨ ︽ᠨᠢᠬᠡᠳᠤᠭᠡᠷ ᠬᠠᠷᠢᠭᠤᠴᠠᠯᠭᠠᠲᠠᠨ ᠤ ᠡᠬᠦᠷᠬᠡ ᠬᠠᠷᠢᠭᠤᠴᠠᠯᠭ᠎ᠠ︾ ᠪᠠᠨ ᠭᠦᠢᠴᠡᠳᠬᠡᠭᠰᠡᠨ ᠵᠡᠷᠭᠡ ᠲᠠᠯ᠎ᠠ ᠪᠠᠷ ᠠᠵᠢᠯ ᠤᠨ ᠮᠡᠳᠡᠬᠦᠯᠦᠯᠲᠡ ᠬᠢᠪᠡ᠃ ᠰᠤᠮᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠡᠰᠢᠭᠦᠳ ᠨᠠᠷ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠲᠤᠰᠢᠶᠠᠯ ᠤᠨ ᠲᠤᠭᠠᠴᠢᠯᠲᠠ ᠬᠢᠭᠰᠡᠨ ᠪᠠᠶᠢᠳᠠᠯ ᠳᠤ ᠶᠡᠷᠤᠩᠬᠡᠶᠢᠯᠡᠭᠰᠡᠨ ᠦᠨᠡᠯᠡᠯᠲᠡ ᠬᠢᠵᠤ᠂ ᠳᠠᠷᠠᠭᠠᠴᠢ ᠶᠢᠨ ᠠᠯᠬᠤᠮ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ  ᠢ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃         ᠤᠳᠤᠠᠭᠡᠷᠡᠯ ᠨᠦᠬᠦᠷ ᠠᠴᠠ ᠰᠤᠮᠤᠨ ᠤ 2023 ᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠳᠤ ᠶᠡᠷᠤᠩᠬᠡᠶᠢᠯᠡᠭᠰᠡᠨ ᠦᠨᠡᠯᠡᠯᠲᠡ ᠬᠢᠪᠡ᠃ ᠨᠢᠬᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠤᠪᠲᠤ ᠬᠦᠮᠦᠵᠢᠯ ᠪᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠷᠤᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠵᠤ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠤ᠂ ︽ᠬᠤᠶᠠᠷ ᠢ ᠲᠤᠭᠲᠠᠭᠠᠬᠤ︾ ᠶᠢ ᠡᠷᠡᠰ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠢᠮᠠᠭᠲᠠ ᠪᠡᠶᠡᠯᠡᠬᠦᠯᠬᠦ ᠬᠡᠷᠡᠭᠲᠡᠢ᠃ ᠬᠤᠶᠠᠷ ᠲᠤ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠵᠤ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠬᠡᠢ ᠳᠡᠭᠡᠭᠰᠢᠯᠡᠬᠦᠯᠵᠤ᠂ ᠦᠨᠳᠦᠰᠦᠨ ᠱᠠᠲᠤᠨ ᠤ ᠨᠡᠶᠢᠬᠡᠮ ᠤᠨ ᠵᠠᠰᠠᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠬᠠᠮᠲᠤ ᠶᠢᠨ ᠠᠵᠤ ᠠᠬᠤᠢ ᠶᠢᠨ ᠬᠦᠭᠵᠢᠯᠲᠡ ᠵᠡᠷᠭᠡ ᠭᠤᠤᠯᠳᠠᠯᠭ᠎ᠠ  ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ  ᠢ ᠵᠢᠷᠤᠮᠵᠢᠭᠤᠯᠵᠤ᠂ ᠨᠠᠮ ᠤᠨ ᠬᠡᠰᠢᠬᠦᠨ ᠤ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠤᠷᠤᠯᠴᠠᠬᠤ ᠤᠬᠠᠮᠰᠠᠷᠲᠤ ᠴᠢᠨᠠᠷ ᠢ ᠳᠠᠰᠤᠷᠠᠯᠲᠠ ᠦᠬᠡᠢ ᠳᠡᠭᠡᠭᠰᠢᠯᠡᠬᠦᠯᠬᠦ ᠬᠡᠷᠡᠭᠲᠡᠢ᠃ ᠳᠦᠷᠪᠡ ᠳᠤ᠂ ︽ᠭᠤᠷᠪᠠᠨ ᠬᠤᠷᠠᠯ ᠨᠢᠬᠡ ᠬᠢᠴᠢᠶᠡᠯ︾᠂ ︽ᠨᠠᠮ ᠤᠨ ᠬᠡᠰᠢᠬᠦᠨ ᠤ ᠠᠵᠢᠯᠯᠠᠭ᠎ᠠ ᠶᠢᠨ ᠡᠳᠦᠷ︾᠂ ᠠᠷᠠᠳᠴᠢᠯᠠᠯ ᠢᠶᠠᠷ ᠦᠨᠡᠯᠡᠬᠦ ᠨᠠᠮ ᠤᠨ ᠬᠢᠴᠢᠶᠡᠯ ᠢ ᠲᠦᠪᠯᠡᠷᠡᠬᠦᠯᠬᠦ ᠵᠡᠷᠭᠡ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠬᠡᠰᠢᠬᠦᠨ ᠺᠠᠲᠠᠷᠴᠤᠳ  ᠤᠨ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠬᠤ ᠬᠡᠷᠡᠭᠲᠡᠢ᠃ ᠲᠠᠪᠤ ᠳᠤ᠂ ᠨᠠᠮ ᠤᠨ ᠪᠠᠶᠢᠭᠤᠯᠤᠯᠲᠠ ᠶᠢᠨ ᠬᠦᠲᠦᠯᠦᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠨᠡᠶᠢᠬᠡᠮ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠬᠦᠯᠬᠦ ᠬᠡᠷᠡᠭᠲᠡᠢ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号