ᠰᠠᠶᠢᠬᠠᠠᠭᠤᠪᠢ ᠰᠤᠮᠤ ︽ᠲᠠᠯ᠎ᠠ ᠨᠤᠲᠤᠭ ᠤᠨ ᠬᠦᠪᠡᠬᠦᠳ ᠦᠬᠢᠳ ᠨᠠᠮ ᠢᠶᠠᠨ ᠳᠠᠭᠠᠵᠤ᠂ ᠦᠨᠳᠦᠰᠦᠲᠡᠨ ᠨᠦᠭᠦᠳ ᠪᠦᠯᠬᠦᠮᠳᠡᠨ ᠨᠢᠬᠡ ᠭᠡᠷ ᠪᠦᠯᠢ ᠮᠡᠲᠤ ᠲᠤᠲᠤᠨᠤ ᠪᠠᠶᠢᠵᠠᠭᠠᠶ᠎ᠠ︾ ᠬᠡᠬᠦ ᠬᠦᠳᠡᠯᠬᠡᠬᠡᠨ ᠦᠷᠨᠢᠬᠦᠯᠪᠡ
ᠨᠡᠶᠢᠲᠡᠯᠡᠭᠰᠡᠨ ᠴᠠᠭ᠄
2023/12/26
                   ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠤᠩᠭᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠤ᠂ ᠶᠡᠷᠤᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠦᠪᠡᠷᠲᠡᠬᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠡᠯ᠎ᠡ ᠵᠤᠶᠢᠯ ᠤᠨ ᠡᠬᠦᠷᠬᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠬᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠬᠤ ᠶᠢᠨ ᠲᠦᠯᠦᠬᠡ᠂ ᠰᠠᠶᠢᠬᠠᠠᠭᠤᠪᠢ ᠰᠤᠮᠤ ︽ᠲᠠᠯ᠎ᠠ ᠨᠤᠲᠤᠭ ᠤᠨ ᠬᠦᠪᠡᠬᠦᠳ ᠦᠬᠢᠳ ᠨᠠᠮ ᠢᠶᠠᠨ ᠳᠠᠭᠠᠵᠤ᠂ ᠦᠨᠳᠦᠰᠦᠲᠡᠨ ᠨᠦᠭᠦᠳ ᠪᠦᠯᠬᠦᠮᠳᠡᠨ ᠨᠢᠬᠡ ᠭᠡᠷ ᠪᠦᠯᠢ ᠮᠡᠲᠤ ᠲᠤᠲᠤᠨᠤ ᠪᠠᠶᠢᠵᠠᠭᠠᠶ᠎ᠠ︾ ᠬᠡᠬᠦ ᠬᠦᠳᠡᠯᠬᠡᠬᠡᠨ ᠢ ᠦᠷᠨᠢᠬᠦᠯᠪᠡ᠃          ᠬᠦᠳᠡᠯᠬᠡᠬᠡᠨ ᠨᠢ ᠬᠦᠨᠳᠡᠯᠡᠨ ᠪᠢᠴᠢᠬᠡᠰᠤ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ︾᠂ ︽ᠦᠨᠳᠦᠰᠦᠲᠡᠨ ᠤ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ︾᠂ ᠨᠠᠮ ᠤᠨ ᠤᠨᠤᠯ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠢ ᠦᠷᠬᠡᠨ ᠢᠶᠠᠷ ᠤᠬᠠᠭᠤᠯᠵᠤ᠂ ᠮᠠᠯᠴᠢᠨ ᠲᠦᠮᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠢᠶ᠎ᠠ ᠪᠦᠬᠦᠢ ᠮᠡᠳᠡᠯᠬᠡ ᠶᠢ ᠲᠦᠭᠡᠮᠡᠯᠵᠢᠬᠦᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠲᠦᠯᠦᠨ ᠵᠢᠯᠤᠭᠤᠳᠴᠦ ᠪᠠᠶᠢᠭᠠᠳ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠵᠦᠪ ᠤᠶᠢᠯᠠᠭᠠᠭᠤᠯᠵᠤ᠂ ᠦᠨᠳᠦᠰᠦᠲᠡᠨ ᠤ ᠬᠠᠷᠢᠴᠠᠭ᠎ᠠ ᠶᠢ ᠡᠵᠡᠮᠰᠢᠬᠦᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠬᠦᠳᠦᠨ ᠪᠠᠶᠢᠭᠤᠯᠬᠤ ᠳᠤ ᠢᠳᠡᠪᠬᠢᠲᠡᠢ ᠤᠷᠤᠯᠴᠠᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠬᠡ ᠭᠡᠷ ᠪᠦᠯᠢ ᠮᠡᠲᠤ ᠲᠤᠲᠤᠨᠤ︾ ᠬᠡᠬᠦ ᠤᠶᠢᠯᠠᠭᠠᠭᠳᠠᠬᠤᠨ ᠢ ᠠᠬᠢᠭᠤᠯᠪᠠ᠃          ᠳᠠᠷᠠᠭ᠎ᠠ ᠨᠢ᠂ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ ᠶᠠᠪᠤᠭᠳᠠᠭᠤᠯᠵᠤ᠂ ᠮᠠᠯᠴᠢᠳ ᠤᠨ ᠤᠷᠠᠨ ᠰᠠᠶᠢᠬᠠᠨ ᠤ ᠲᠤᠭᠯᠠᠯᠲᠠ ᠭᠠᠷᠭᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠪᠠᠭ᠋ᠠᠷᠬᠠᠯ ᠪᠠ ᠬᠠᠯᠠᠭᠤᠨ ᠠᠯᠠᠭ᠎ᠠ ᠲᠠᠰᠢᠯᠲᠠ ᠶᠢ ᠤᠯᠪᠠ᠃ ᠮᠤᠩᠭᠤᠯ ᠮᠤᠷᠢ ᠪᠤᠯ ᠲᠡᠰᠪᠤᠷᠢ ᠬᠠᠲᠠᠭᠤᠵᠢᠯᠲᠠᠢ᠂ ᠴᠤᠴᠠᠯᠲᠠ ᠦᠬᠡᠢ ᠤᠷᠤᠭᠰᠢᠯᠠᠵᠤ᠂ ᠵᠤᠷᠢᠭᠰᠠᠨ ᠳᠠᠭᠠᠨ ᠵᠠᠪᠠᠯ ᠬᠦᠷᠳᠡᠭ᠃ ᠮᠤᠩᠭᠤᠯ ᠮᠤᠷᠢᠨ ᠤ ᠵᠤᠷᠢᠭ ᠰᠠᠨᠠᠭ᠎ᠠ ᠨᠢ ᠬᠦᠮᠦᠰ ᠢ ᠲᠠᠰᠤᠷᠠᠯᠲᠠ ᠦᠬᠡᠢ ᠤᠷᠤᠭᠰᠢ ᠳᠠᠪᠰᠢᠬᠤ᠂ ᠬᠦᠴᠦᠯᠡᠨ ᠴᠢᠷᠮᠠᠶᠢᠬᠤ ᠶᠢ ᠵᠤᠷᠢᠭᠵᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠪᠤᠯᠤᠭᠰᠠᠨ ᠪᠠᠶᠢᠨ᠎ᠠ᠃ ᠲᠤᠰ ᠤᠳᠠᠭᠠᠨ ᠤ ᠬᠦᠳᠡᠯᠬᠡᠬᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠬᠦᠮᠦᠵᠢᠯ ᠢ ᠤᠯᠠᠮ ᠨᠢᠬᠡ ᠠᠯᠬᠤᠮ ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠢ ᠬᠠᠮᠠᠭᠠᠯᠠᠨ ᠬᠦᠭᠵᠢᠬᠦᠯᠬᠦ ᠶᠢᠨ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠦᠷᠦᠯᠴᠠᠭᠰᠠᠨ᠂ ᠡᠶ᠎ᠡ ᠵᠤᠬᠢᠴᠠᠯ ᠲᠠᠢ ᠨᠡᠶᠢᠬᠡᠮ ᠵᠢᠷᠣᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠬᠡ ᠠᠯᠬᠤᠮ ᠪᠠᠬᠢᠵᠢᠬᠦᠯᠦᠨ ᠬᠦᠭᠵᠢᠬᠦᠯᠬᠦ ᠳᠤ ᠬᠤᠪᠢ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠰᠠᠶᠢᠬᠠᠠᠭᠤᠪᠢ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号