︽ᠰᠦᠨᠢᠳ ᠵᠡᠬᠦᠨ ᠬᠤᠰᠢᠭᠤᠨ ᠤ ᠤᠶᠢᠯᠠᠯᠭ᠎ᠠ︾᠎ ᠶᠢᠨ ᠲᠤᠬᠠᠢ ᠤᠷᠤᠰᠢᠯ
ᠨᠡᠶᠢᠲᠡᠯᠡᠭᠰᠡᠨ ᠴᠠᠭ᠄
2023/12/27
          ︽ᠰᠦᠨᠢᠳ ᠵᠡᠬᠦᠨ ᠬᠤᠰᠢᠭᠤᠨ ᠤ ᠤᠶᠢᠯᠠᠯᠭ᠎ᠠ︾ ᠪᠤᠯ ᠰᠦᠨᠢᠳ ᠵᠡᠬᠦᠨ ᠬᠤᠰᠢᠭᠤᠨ ᠤ ᠲᠡᠤᠬᠡᠨ ᠳᠡᠭᠡᠷ᠎ᠡ ᠵᠢᠩᠭᠢᠨᠢ ᠪᠠᠷ ᠬᠡᠪᠯᠡᠭᠳᠡᠵᠤ ᠪᠠᠶᠢᠭ᠎ᠠ ᠬᠠᠮᠤᠭ ᠠᠩᠬᠠᠨ ᠤ ᠬᠤᠰᠢᠭᠤ ᠤᠶᠢᠯᠠᠯᠭ᠎ᠠ ᠮᠦᠨ᠂ ᠬᠡᠳᠤᠨ ᠵᠠᠭᠤᠨ ᠵᠢᠯ ᠤᠨ ᠲᠡᠤᠬᠡ ᠶᠢᠨ ᠰᠢᠯᠢᠳᠡᠭ ᠦᠷ᠎ᠡ ᠪᠦᠲᠦᠬᠡᠯ ᠮᠦᠨ᠂ ᠦᠭᠡᠷᠡᠴᠢᠯᠡᠯᠲᠡ ᠬᠢᠵᠤ ᠴᠢᠯᠤᠭᠡᠲᠡᠢ ᠶᠠᠪᠤᠯᠴᠠᠵᠤ ᠪᠠᠶᠢᠭ᠎ᠠ ᠲᠡᠤᠬᠡᠨ ᠪᠠᠶᠢᠳᠠᠯ ᠤᠨ ᠬᠦᠭᠵᠢᠯᠲᠡ ᠪᠠ ᠤᠶᠤᠨ ᠤ ᠪᠤᠯᠪᠠᠰᠤᠨ ᠤ ᠪᠦᠲᠦᠬᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠬᠡᠯ ᠮᠦᠨ᠃           ᠰᠦᠨᠢᠳ ᠵᠡᠬᠦᠨ ᠬᠤᠰᠢᠭᠤ ᠪᠤᠯ ᠤᠷᠲᠤ ᠤᠳᠠᠭᠠᠨ ᠲᠡᠤᠬᠡ ᠲᠠᠢ ᠶᠤᠮ᠃ ᠰᠦᠨᠢᠳ ᠠᠶᠢᠮᠠᠭ ᠵᠡᠬᠦᠨ ᠪᠠᠷᠠᠭᠤᠨ ᠬᠤᠶᠠᠷ ᠬᠤᠰᠢᠭᠤ ᠪᠤᠯᠤᠨ ᠬᠤᠪᠢᠶᠠᠭᠳᠠᠭᠠᠳ᠂ ᠨᠢᠭᠡᠨᠲᠡ 370 ᠭᠠᠷᠤᠢ ᠵᠢᠯ ᠤᠨ ᠲᠡᠤᠬᠡ ᠲᠠᠢ ᠪᠤᠯᠵᠠᠢ᠃ ᠴᠢᠯᠦᠬᠡᠯᠡᠭᠳᠡᠬᠦ ᠠᠴᠠ ᠡᠮᠦᠨ᠎ᠡ ᠮᠠᠯ ᠠᠵᠤ ᠠᠬᠤᠢ ᠲᠤᠶᠢᠯ ᠤᠨ ᠬᠡᠪᠡᠷᠡᠭ ᠪᠠᠭᠤᠷᠠᠢ᠂ ᠠᠷᠠᠳ ᠤᠨ ᠠᠮᠢᠳᠤᠷᠠᠯ ᠲᠤᠶᠢᠯ ᠎ ᠤᠨ ᠶᠠᠳᠠᠭᠤ ᠬᠤᠴᠤᠷᠤᠩᠭᠤᠢ ᠪᠠᠶᠢᠵᠠᠢ᠃ ᠴᠢᠯᠦᠬᠡᠯᠡᠭᠳᠡᠭᠰᠡᠨ ᠤ ᠳᠠᠷᠠᠭ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷ᠎ᠠ᠂ ᠲᠡᠭᠷᠢ ᠭᠠᠵᠠᠷ ᠲᠠᠢ ᠲᠡᠮᠡᠴᠡᠵᠤ᠂ ᠲᠡᠰᠪᠤᠷᠢ ᠬᠠᠲᠠᠭᠤᠵᠢᠯᠲᠠᠢ ᠪᠠᠷ ᠠᠳᠠᠯ ᠦᠢᠯᠡᠰ ᠢᠶᠠᠨ ᠪᠤᠰᠬᠠᠵᠤ᠂ ᠨᠡᠶᠢᠬᠡᠮ ᠵᠢᠷᠤᠮᠲᠤ ᠬᠤᠪᠢᠰᠬᠠᠯ ᠪᠠ ᠨᠡᠶᠢᠬᠡᠮ ᠵᠢᠷᠤᠮᠲᠤ ᠪᠦᠲᠦᠬᠡᠨ ᠪᠠᠶᠢᠭᠤᠯᠤᠯᠲᠠ ᠶᠢᠨ ᠳᠤᠮᠳᠠ ᠠᠤᠭ᠎ᠠ ᠶᠡᠭᠡ ᠠᠮᠵᠢᠯᠲᠠ ᠪᠦᠲᠦᠬᠡᠯ ᠢ ᠲᠡᠮᠡᠴᠡᠨ ᠤᠯᠪᠠ᠃ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠢᠭᠡᠳᠤᠭᠡᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠨᠠᠰᠢ᠂ ᠨᠠᠮ ᠤᠨ ᠦᠨᠳᠦᠰᠦᠨ ᠱᠤᠭᠤᠮ ᠪᠠ ᠳ᠋ᠧᠩ ᠰᠢᠶᠤᠤ ᠫᠢᠩ ᠤᠨ ᠤᠨᠤᠯ ᠤᠨ ᠵᠢᠯᠤᠭᠤᠳᠤᠯᠭ᠎ᠠ ᠶᠢᠨ ᠳᠤᠤᠷ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠤᠷᠰᠢᠯᠭ᠎ᠠ ᠪᠠᠨ ᠲᠠᠰᠤᠷᠠᠯᠲᠠ ᠦᠬᠡᠢ ᠳ᠋ᠦᠩᠨᠡᠨ᠂ ᠢᠳᠡᠪᠬᠢᠲᠡᠢ ᠪᠠᠷ ᠰᠢᠨ᠎ᠡ ᠶᠢ ᠰᠡᠳᠬᠢᠨ᠂ ᠵᠤᠷᠢᠭᠲᠠᠢ ᠎ ᠪᠠᠷ ᠵᠠᠮ ᠨᠡᠬᠡᠬᠡᠨ ᠤᠷᠤᠭᠰᠢᠯᠠᠭᠰᠠᠨ ᠠᠴᠠ ᠪᠦᠬᠦ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠰᠤᠶᠤᠯ ᠤᠨ ᠪᠦᠲᠦᠬᠡᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠠᠵᠢᠯ ᠤᠨ ᠹᠷᠤᠨᠲ ᠳᠡᠭᠡᠷ᠎ᠡ ᠨᠢᠰᠬᠦ ᠮᠡᠲᠤ ᠲᠦᠷᠬᠡᠨ ᠳᠠᠪᠰᠢᠭᠰᠠᠨ ᠬᠦᠭᠵᠢᠯᠲᠡ ᠲᠠᠢ ᠪᠤᠯᠵᠤ᠂ ᠨᠢᠬᠡᠨ ᠴᠡᠴᠡᠭᠯᠡᠨ ᠬᠦᠭᠵᠢᠭᠰᠡᠨ ᠴᠤ᠋ ᠰᠢᠨ᠎ᠡ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃           ᠰᠦᠨᠢᠳ ᠵᠡᠬᠦᠨ ᠬᠤᠰᠢᠭᠤ ᠨᠢ ᠬᠠᠭᠤᠴᠢᠨ ᠤᠶᠢᠯᠠᠯᠭ᠎ᠠ ᠬᠡᠵᠤ ᠦᠬᠡᠢ᠂ ᠲᠤᠰ ᠤᠶᠢᠯᠠᠯᠭ᠎ᠠ ᠪᠤᠯ ᠠᠩᠬᠠᠳᠠᠭᠴᠢ ᠰᠢᠨ᠎ᠡ ᠤᠶᠢᠯᠠᠯᠭ᠎ᠠ ︵ᠬᠢᠲᠠᠳ ᠬᠡᠪᠯᠡᠯ︶ ᠪᠤᠯᠬᠤ ᠪᠦᠬᠡᠳ ᠲᠡᠤᠬᠡᠨ ᠪᠠᠶᠢᠳᠠᠯ ᠢ ᠦᠨᠡᠨ ᠢᠶᠠᠷ ᠲᠤᠰᠬᠠᠵᠤ᠂ ᠰᠢᠨ᠎ᠡ ᠶᠢ ᠡᠬᠦᠳᠬᠦ ᠤᠨᠴᠠᠯᠢᠭ ᠢ ᠬᠠᠷᠠᠭᠤᠯᠵᠤ ᠪᠠᠶᠢᠬᠤ ᠶᠤᠮ᠃ ᠨᠢᠬᠡ ᠳᠤ᠂ ᠤᠯᠤᠰ ᠲᠦᠷᠦ ᠶᠢᠨ ᠦᠵᠡᠯᠲᠡ ᠲᠤᠲᠤᠷᠬᠠᠢ᠂ ᠨᠠᠶᠢᠷᠠᠭᠤᠯᠬᠤ ᠳᠤᠮᠳᠠ ᠲᠡᠤᠬᠡ ᠶᠢᠨ ᠪᠤᠳᠠᠰᠴᠢ ᠦᠵᠡᠯ ᠤᠨ ᠵᠠᠷᠴᠢᠮ ᠢ ᠪᠠᠷᠢᠮᠲᠠᠯᠠᠵᠤ᠂ ᠲᠤᠰ ᠭᠠᠵᠠᠷ ᠤᠷᠤᠨ ᠤ ᠴᠢᠬᠤᠯᠠ ᠶᠡᠭᠡ ᠬᠡᠷᠡᠭ ᠶᠠᠪᠤᠳᠠᠯ ᠪᠠ ᠴᠤᠤᠲᠤ ᠬᠦᠮᠦᠰ ᠢ ᠰᠢᠭᠤᠳ ᠲᠤᠰᠬᠠᠨ᠂ ᠨᠤᠲᠠᠯᠠᠯᠲᠠ ᠶᠢ ᠬᠢᠴᠢᠶᠡᠨ᠂ ᠦᠨᠡᠨ ᠠᠴᠠ ᠵᠦᠪ ᠢ ᠡᠷᠢᠬᠦ ᠪᠠ ᠲᠡᠤᠬᠡ ᠶᠢ ᠵᠦᠪ ᠲᠤᠰᠬᠠᠬᠤ ᠶᠠᠪᠤᠳᠠᠯ ᠢ ᠵᠢᠷᠤᠮᠯᠠᠪᠠ ᠃ ᠬᠤᠶᠠᠷ ᠲᠤ᠂ ᠴᠠᠭ ᠦᠶ᠎ᠡ ᠶᠢᠨ ᠤᠨᠴᠠᠯᠢᠭ ᠢ ᠢᠯᠡᠷᠡᠬᠦᠯᠵᠤ᠂ ᠠᠭᠤᠤ ᠶᠡᠭᠡ ᠬᠤᠪᠢᠰᠤᠯᠲᠠ ᠶᠢ ᠪᠦᠷᠢᠨ ᠢᠯᠡᠷᠡᠬᠦᠯᠬᠦ ᠤᠷᠢᠳᠠᠯ ᠳᠤᠤᠷ᠎ᠠ᠂ ᠭᠠᠵᠠᠷ ᠤᠷᠤᠨ ᠤ ᠦᠨᠡᠨ ᠪᠤᠳᠠᠳᠠᠢ ᠳᠦᠷᠰᠦ ᠪᠠᠶᠢᠳᠠᠯ ᠢ ᠢᠯᠡᠷᠡᠬᠦᠯᠦᠨ ᠪᠢᠴᠢᠬᠦ ᠎ ᠶᠢ ᠬᠢᠴᠢᠶᠡᠪᠡ᠃ ᠭᠤᠷᠪᠠ ᠳᠤ᠂ ᠤᠷᠤᠨ ᠨᠤᠲᠤᠭ ᠤᠨ ᠤᠨᠴᠠᠯᠢᠭ — ᠰᠦᠨᠢᠳ ᠤᠨ ᠤᠨᠴᠠᠯᠢᠭ ᠢ ᠪᠦᠷᠢᠨ ᠬᠦᠢᠴᠡᠳ ᠢᠯᠡᠷᠡᠬᠦᠯᠬᠦ ᠶᠢ ᠱᠠᠭᠠᠷᠳᠠᠪᠠ᠃ ᠳᠦᠷᠪᠡ ᠳᠤ᠂ ᠠᠵᠤ ᠠᠬᠤᠢ ᠶᠢᠨ ᠪᠦᠲᠦᠬᠡᠨ ᠪᠠᠶᠢᠭᠤᠯᠤᠯᠲᠠ ᠪᠠᠷ ᠭᠤᠤᠯᠳᠠᠯᠭ᠎ᠠ ᠪᠤᠯᠭᠠᠵᠤ᠂ ᠲᠤᠰ ᠭᠠᠵᠠᠷ ᠤᠷᠤᠨ ᠤ ᠪᠤᠳᠠᠰ ᠤᠨ ᠦᠢᠯᠡᠳᠪᠤᠷᠢᠯᠡᠯ ᠢ ᠭᠦᠢᠴᠡᠳ ᠲᠡᠮᠳᠡᠭᠯᠡᠬᠦ ᠶᠢ ᠠᠩᠬᠠᠷᠪᠠ᠃ ᠪᠦᠬᠦ ᠨᠤᠮ ᠳᠤ ᠨᠡᠶᠢᠲᠡ ᠬᠤᠷᠢᠨ ᠳᠦᠷᠪᠡᠨ ᠨᠠᠶᠢᠷᠠᠭᠤᠯᠤᠯ ᠪᠦᠯᠦᠭ ᠢ ᠪᠠᠭᠲᠠᠭᠠᠵᠤ᠂ ᠡᠯ᠎ᠡ ᠠᠵᠢᠯ ᠦᠢᠯᠡᠰ ᠪᠠ ᠲᠦᠷᠦᠯ ᠵᠦᠢᠯ ᠢ ᠪᠦᠷᠢᠨ ᠬᠦᠢᠴᠡᠳ ᠲᠡᠮᠳᠡᠭᠯᠡᠬᠦ ᠶᠢᠨ ᠳᠠᠭᠠᠤ᠂ ᠲᠤᠰ ᠭᠠᠵᠠᠷ ᠤᠷᠤᠨ ᠤ ᠤᠨᠴᠠᠯᠢᠭ ᠎ ᠠᠴᠠ ᠡᠬᠦᠰᠴᠤ᠂ ᠦᠨᠳᠦᠰᠦᠲᠡᠨ ᠤ ᠤᠨᠴᠠᠯᠢᠭ ᠢ ᠳᠤᠪᠤᠶᠢᠯᠭᠠᠭᠰᠠᠨ ᠪᠠᠶᠢᠨ᠎ᠠ᠃ ᠲᠠᠪᠤ ᠳᠤ᠂ ᠤᠯᠠᠨ ᠲᠦᠮᠡᠨ ᠤ ᠦᠢᠯᠡᠰ ᠢᠶᠠᠷ ᠭᠤᠤᠯ ᠴᠤᠭᠴᠠ ᠪᠤᠯᠭᠠᠵᠤ᠂ ᠬᠤᠪᠢᠰᠬᠠᠯ ᠤᠨ ᠦᠢᠯᠡᠰ ᠤᠨ ᠲᠦᠯᠦᠬᠡ ᠠᠮᠢ ᠪᠡᠶ᠎ᠡ ᠪᠠᠨ ᠵᠤᠷᠢᠭᠤᠯᠤᠭᠰᠠᠨ ᠪᠠᠭᠠᠲᠤᠷ ᠵᠢᠱᠢᠶᠡᠴᠢ ᠬᠦᠮᠦᠰ ᠢ ᠲᠤᠰᠬᠠᠢ ᠨᠠᠶᠢᠷᠠᠭᠤᠯᠤᠯ ᠪᠤᠯᠭᠠᠭᠰᠠᠨ ᠪᠠ ︽ᠬᠦᠮᠦᠰ ᠤᠨ ᠨᠠᠮᠲᠠᠷ ︾᠎ ᠲᠤ ᠦᠷᠡᠭᠳᠡᠭᠰᠡᠨ ᠪᠠᠭᠠᠲᠤᠷᠴᠤᠳ ᠤᠨ ᠨᠡᠷᠡᠰ ᠪᠠ ᠪᠤᠰᠤᠳ ᠬᠦᠮᠦᠰ ᠢ ᠡᠮᠬᠢᠳᠬᠡᠯ ᠪᠤᠯᠭᠠᠨ ᠤᠷᠤᠭᠤᠯᠪᠠ᠃ ᠶᠡᠷᠤᠩᠭᠡᠢ ᠳᠡᠭᠡᠨ ᠰᠦᠨᠢᠳ ᠵᠡᠬᠦᠨ ᠬᠤᠰᠢᠭᠤᠨ ᠤ ᠲᠤᠶᠢᠮᠤ ᠪᠠᠶᠢᠳᠠᠯ ᠢ ᠪᠦᠬᠦ ᠲᠠᠯ᠎ᠠ ᠪᠠᠷ ᠲᠤᠰᠬᠠᠭᠰᠠᠨ ᠪᠠᠶᠢᠨ᠎ᠠ᠃           ︽ᠰᠦᠨᠢᠳ ᠵᠡᠬᠦᠨ ᠬᠤᠰᠢᠭᠤᠨ ᠤ ᠤᠶᠢᠯᠠᠯᠭ᠎ᠠ︾ ᠬᠡᠪᠯᠡᠭᠳᠡᠭᠰᠡᠨ ᠶᠠᠪᠤᠳᠠᠯ ᠪᠤᠯ ᠡᠯ᠎ᠡ ᠱᠠᠲᠤᠨ ᠤ ᠤᠳᠤᠷᠢᠳᠤᠯᠭ᠎ᠠ ᠶᠢᠨ ᠭᠠᠵᠠᠷ ᠤᠷᠤᠨ ᠤ ᠪᠠᠨ ᠦᠭᠡᠷᠡᠴᠢᠯᠡᠯᠲᠡ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠦᠭᠵᠢᠯᠲᠡ ᠶᠢ ᠤᠯᠠᠮ ᠰᠠᠶᠢᠨ ᠲᠠᠨᠢᠬᠤ ᠳᠤ ᠠᠰᠢᠭᠲᠠᠢ ᠶᠤᠮ᠃ ᠤᠶᠢᠯᠠᠯᠭ᠎ᠠ ᠶᠢᠨ ᠮᠠᠲ᠋ᠧᠷᠢᠶᠠᠯ ᠨᠢ ᠡᠯ᠎ᠡ ᠡᠲᠡᠭᠡᠳ ᠎ ᠤᠨ ᠬᠦᠮᠦᠰ ᠤᠨ ᠪᠠᠶᠢᠴᠠᠭᠠᠨ ᠰᠤᠳᠤᠯᠤᠯᠲᠠ ᠪᠠ ᠪᠤᠳᠠᠳᠤ ᠤᠷᠴᠢᠨ ᠠᠬᠤᠢ ᠶᠢᠨ ᠵᠢᠮ᠎ᠡ ᠶᠤᠰᠤ ᠶᠢ ᠡᠵᠡᠮᠰᠢᠬᠦ ᠵᠢᠴᠢ ᠠᠵᠢᠯ ᠦᠢᠯᠡᠰ ᠢᠶᠠᠨ ᠨᠡᠩ ᠰᠠᠶᠢᠨ ᠢᠶᠠᠷ ᠠᠬᠢᠭᠤᠯᠵᠤ᠂ ᠰᠡᠳᠬᠢᠴᠡ ᠪᠠᠨ ᠦᠷᠬᠡᠳᠬᠡᠬᠦ ᠳᠤ ᠴᠢᠬᠤᠯᠠ ᠡᠰᠢ ᠪᠠᠷᠢᠮᠲᠠ ᠶᠢᠨ ᠦᠢᠯᠡᠳᠤᠯ ᠦᠵᠡᠬᠦᠯᠬᠦ ᠶᠤᠮ᠃ ᠤᠶᠢᠯᠠᠯᠭ᠎ᠠ ᠶᠢ ᠨᠠᠶᠢᠷᠠᠭᠤᠯᠬᠤ ᠠᠵᠢᠯ ᠪᠤᠯ ᠨᠢᠬᠡᠨ ᠬᠠᠲᠠᠭᠤ ᠰᠢᠷᠭᠠᠭᠤ᠂ ᠦᠷᠬᠡᠨ ᠬᠡᠪᠴᠢᠶ᠎ᠡ ᠲᠠᠢ ᠪᠢᠴᠢᠭ ᠤᠨ ᠲᠤᠮᠤ ᠢᠨᠵᠧᠨᠧᠷᠢᠩ ᠮᠦᠨ᠂ ᠡᠷᠬᠡᠪᠰᠢ ᠤᠯᠠᠨ ᠲᠠᠯ᠎ᠠ ᠶᠢᠨ ᠴᠢᠷᠮᠠᠶᠢᠯᠭ᠎ᠠ ᠶᠢ ᠳᠡᠮᠵᠢᠵᠤ᠂ ᠬᠠᠮᠢᠶ᠎ᠠ ᠪᠦᠬᠦᠢ ᠲᠡᠤᠬᠡ ᠤᠶᠢᠯᠠᠯᠭ᠎ᠠ ᠶᠢᠨ ᠪᠠᠶᠢᠭᠤᠯᠤᠮᠵᠢ ᠪᠤᠯᠤᠨ ᠰᠠᠯᠠᠭ᠎ᠠ ᠮᠦᠴᠢᠷ᠂ ᠬᠠᠮᠢᠶ᠎ᠠ ᠪᠦᠬᠦᠢ ᠨᠢᠭᠡᠴᠡ ᠪᠠ ᠬᠤᠪᠢ ᠬᠦᠮᠦᠨ ᠤ ᠬᠠᠮᠲᠤ ᠶᠢᠨ ᠴᠢᠷᠮᠠᠶᠢᠯᠭ᠎ᠠ ᠶᠢ ᠳᠡᠮᠵᠢᠵᠤ ᠪᠠᠶᠢᠮᠠᠨᠵᠢᠨ ᠰᠠᠶ᠋ᠢ ᠪᠡᠶᠡᠯᠡᠭᠳᠡᠬᠦ ᠪᠤᠯᠤᠨ᠎ᠠ᠃ ᠡᠶᠢᠮᠤ ᠠᠴᠠ ︽ᠰᠦᠨᠢᠳ ᠵᠡᠬᠦᠨ ᠬᠤᠰᠢᠭᠤᠨ ᠤ ᠤᠶᠢᠯᠠᠯᠭ᠎ᠠ︾᠎ ᠶᠢ ᠨᠠᠶᠢᠷᠠᠭᠤᠯᠤᠨ ᠬᠡᠪᠯᠡᠬᠦ ᠶᠠᠪᠤᠴᠠ ᠳᠤ᠂ ᠰᠢᠷᠭᠠᠭᠤ ᠭᠦᠳᠡᠯᠮᠤᠷᠢ ᠪᠠᠨ ᠵᠤᠷᠢᠭᠤᠯᠤᠭᠰᠠᠨ ᠨᠦᠬᠦᠳ᠂ ᠡᠯ᠎ᠡ ᠱᠠᠲᠤᠨ ᠤ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ᠂ ᠡᠯ᠎ᠡ ᠡᠳᠡᠭᠡᠳ ᠤᠨ ᠬᠢᠨ ᠪᠠ ᠬᠠᠮᠢᠶ᠎ᠠ ᠪᠦᠬᠦᠢ ᠬᠦᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ ᠪᠠᠶᠢᠬᠤ ᠪᠠᠨ ᠢᠯᠡᠳᠬᠡᠶ᠎ᠡ︕
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号