ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠥᠨᠢᠳ ᠵᠡᠭᠦᠨ ᠬᠤᠰᠢᠭᠤᠨ ᠤ ᠬᠤᠩᠭᠤᠷ ᠰᠤᠮᠤᠨ ᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/12/27
         ᠥᠷᠭᠡᠨ ᠠᠭᠤᠳᠠᠮ ᠲᠠᠯ᠎ᠠ ᠨᠤᠲᠤᠭ ᠲᠤ᠂ ᠮᠥᠩᠭᠦᠨ ᠥᠩᠭᠡ ᠪᠠᠷ ᠥᠩᠭᠡᠯᠡᠭᠰᠡᠨ ᠥᠩᠭᠡ ᠦᠵᠡᠮᠵᠢ ᠦᠵᠡᠰᠬᠦᠯᠡᠩ᠂ ᠦᠶ ᠲᠦᠮᠡᠨ ᠠᠵᠢᠨᠠᠶ ᠬᠦᠯᠦᠭ ᠳᠠᠪᠬᠢᠵᠤ᠂ ᠡᠷᠡᠯᠬᠡᠭ ᠵᠣᠷᠢᠭ ᠢᠶᠠᠷ ᠣᠭᠲᠠᠷᠭᠤᠶ ᠳᠤ ᠳᠡᠭᠦᠯᠢᠨ ᠳᠡᠭᠦᠯᠢᠯᠳᠦᠨ᠎ᠡ᠃ { ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 1 ᠤ ᠡᠳᠦᠷ ᠤᠨ ᠰᠣᠨᠢᠨ } 12 ᠰᠠᠷ᠎ᠠ ᠶᠢᠨ 23 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ ︾ ᠳᠤᠮᠳᠠᠳᠤ ᠤᠯᠤᠰ ᠤᠨ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠥᠨᠢᠳ ᠵᠡᠭᠦᠨ ᠬᠤᠰᠢᠭᠤᠨ ᠤ ᠬᠤᠩᠭᠤᠷ ᠰᠤᠮᠤᠨ ᠤ ᠤᠷᠤᠯᠳᠤᠭᠠᠨ ᠡᠬᠢᠯᠡᠪᠡ᠃          ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠬᠤᠰᠢᠭᠤᠨ ᠤ ᠤᠯᠠᠭᠠᠨᠮᠥ᠋ᠴᠢᠷ ᠤᠨ ᠬᠢᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠷᠠᠨ ᠰᠠᠶᠢᠬᠠᠨ ᠤ ᠬᠦᠴᠦᠨ ᠢᠶᠠᠷ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠤᠷᠤᠯᠳᠤᠭᠠᠨ ᠳᠤ 15 ᠺᠢᠯᠣᠮᠧᠲᠷ ᠤᠨ ᠳᠠᠭᠠᠭᠠᠴᠠ ᠶᠢᠨ ᠤᠷᠤᠯᠳᠤᠭᠠᠨ᠂ 6000 ᠮᠧᠲᠷ ᠤᠨ ᠪᠦᠯᠬᠦᠮ ᠤᠨ ᠪᠤᠤᠭᠢᠶ᠎ᠠ ᠤᠷᠤᠯᠳᠤᠭᠠᠨ ᠢ ᠲᠣᠬᠢᠷᠠᠭᠤᠯᠪᠠ᠃ ᠡᠯ᠎ᠡ ᠭᠠᠴᠠᠭᠠᠨ ᠤ ᠤᠷᠤᠯᠳᠤᠭᠠᠨ  ᠳᠤ ᠣᠷᠣᠯᠴᠠᠭᠰᠠᠨ ᠤᠨᠤᠭᠠᠴᠢᠳ ᠬᠤᠪᠴᠠᠰᠤ ᠪᠠᠨ ᠡᠮᠦᠰᠴᠦ᠂ ᠴᠠᠰᠤ ᠴᠠᠭᠠᠨ ᠲᠠᠯ᠎ᠠ ᠨᠤᠲᠤᠭ ᠲᠤ ᠵᠢᠯᠣᠭᠤ ᠪᠠᠨ ᠠᠳᠬᠤᠨ᠂ ᠬᠠᠬᠢᠷ ᠬᠦᠢᠲᠡᠨ ᠠᠴᠠ ᠡᠮᠢᠶᠡᠯ ᠥᠬᠡᠶ ᠪᠠᠷ ᠳᠠᠪᠬᠢᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠨ᠂ ᠴᠤᠴᠠᠯᠲᠠ ᠥᠬᠡᠶ ᠤᠷᠤᠭᠰᠢᠯᠠᠵᠤ᠂ ᠵᠣᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠵᠣᠭᠰᠣᠬᠤ ᠥᠬᠡᠶ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠲᠠᠶᠢᠯᠪᠤᠷᠢᠯᠠᠵᠤ ᠪᠠᠶᠢᠯ᠎ᠠ᠃ ᠮᠣᠷᠢ ᠤᠨᠤᠵᠤ ᠲᠠᠰᠢᠭᠤᠷ ᠡᠷᠭᠦᠬᠦ ᠳᠤ ᠪᠡᠶ᠎ᠡ ᠪᠡᠶ᠎ᠡ ᠪᠠᠨ ᠬᠥᠭᠡᠭᠡᠵᠦ ᠭᠦᠢᠴᠡᠨ ᠳᠠᠪᠠᠵᠤ᠂ ᠤᠷᠠᠨ ᠨᠠᠷᠢᠯᠢᠭ ᠮᠣᠷᠢ ᠤᠨᠤᠯᠭ᠎ᠠ ᠶᠢᠨ ᠬᠤᠷᠳᠤᠴᠠ ᠪᠠᠷ ᠴᠢᠨᠡᠭᠡ ᠪᠠᠷ  ᠢᠶᠠᠨ ᠳᠠᠪᠬᠢᠵᠤ᠂ ᠡᠴᠦᠰ ᠤᠨ ᠴᠡᠭ ᠲᠤ ᠬᠦᠷᠦᠨ᠎ᠡ᠃ ᠮᠠᠯᠴᠢᠳ ᠭᠠᠷ ᠤᠲᠠᠰᠤ ᠪᠠᠷ ᠢᠶᠠᠨ ᠤᠷᠤᠯᠳᠤᠭᠠᠨ ᠤ ᠮᠣᠷᠢᠨ ᠤ ᠵᠢᠷᠤᠭ ᠳᠦᠷᠰᠦ ᠶᠢ ᠲᠡᠮᠳᠡᠭᠯᠡᠵᠦ᠂ ᠮᠤᠷᠢᠨ ᠤ ᠲᠤᠭᠤᠷᠠᠢ ᠶᠢᠨ ᠲᠠᠭᠤᠨ᠂ ᠤᠷᠠᠶᠢᠯᠠᠨ ᠬᠠᠰᠬᠢᠷᠬᠤ ᠲᠠᠭᠤᠨ ᠴᠢᠬᠢᠨ ᠳᠤ ᠲᠠᠰᠤᠷᠠᠯᠳᠡ ᠦᠭᠡᠢ ᠴᠤᠤᠷᠢᠶᠠᠲᠤᠵᠤ᠂ ᠬᠠᠬᠢᠷ ᠡᠪᠦᠯ ᠤᠨ ᠲᠠᠯ᠎ᠠ ᠨᠤᠲᠤᠭ ᠲᠤ ᠥᠪᠡᠷᠮᠢᠴᠡ ᠬᠡᠪ ᠨᠠᠮᠪᠠ ᠶᠢ ᠨᠡᠮᠡᠷᠢᠯᠡᠵᠡᠢ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠡᠰᠪᠦᠷᠢᠲᠦ ᠬᠦᠴᠦᠨ ᠤ ᠤᠷᠤᠯᠳᠤᠭᠠᠨ ᠤ ᠡᠮᠦᠨ᠎ᠡ ᠨᠠᠢᠮᠠᠨ ᠮᠣᠷᠢ᠂ ᠪᠤᠤᠬᠢᠶ᠎ᠠ ᠤᠷᠤᠯᠳᠤᠭᠠᠨ ᠤ ᠡᠮᠦᠨ᠎ᠡ ᠬᠤᠶᠠᠷ   ᠮᠤᠷᠢ ᠂ ᠬᠤᠰᠢᠭᠤᠨ ᠤ ᠳᠡᠰ ᠤᠨ ᠬᠤᠯᠪᠣᠭᠠᠲᠤ ᠤᠷᠤᠯᠳᠤᠭᠠᠨ ᠳᠤ ᠤᠷᠤᠭᠰᠠᠨ ᠪᠠᠶᠢᠨ᠎ᠠ᠃          ᠤᠷᠤᠯᠳᠤᠭᠠᠨ ᠤ ᠬᠤᠭᠤᠴᠠᠭᠠᠨ ᠳᠤ ᠪᠥᠬᠡ᠂ ᠳᠡᠭᠡᠰᠦ ᠲᠠᠲᠠᠬᠤ ᠵᠡᠷᠭᠡ ᠲᠣᠭᠯᠠᠭᠠᠮ ᠤᠨ ᠭᠤᠭᠴᠤᠭ᠎ᠠ ᠶᠢ ᠲᠣᠬᠢᠷᠠᠭᠤᠯᠵᠤ᠂ ᠲᠠᠯ᠎ᠠ ᠨᠤᠲᠤᠭ ᠤᠨ ᠮᠠᠯᠴᠢᠳ ᠤᠨ ᠦᠨᠳᠦᠰᠦᠲᠡᠨ ᠤ ᠵᠠᠩ ᠠᠭᠠᠯᠢ ᠪᠠ ᠮᠣᠷᠢᠨ  ᠤ ᠰᠣᠶᠣᠯ ᠤᠨ ᠭᠦᠨ ᠵᠤᠵᠠᠭᠠᠨ ᠠᠭᠤᠯᠬᠤᠨ ᠢ ᠳᠡᠯᠭᠡᠨ ᠦᠵᠡᠭᠦᠯᠵᠡᠶ᠃  
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号