ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠮᠠᠨ ᠤ ᠬᠤᠰᠢᠭᠤᠨ ᠤ ᠰᠠᠶᠢᠬᠠᠠᠭᠤᠪᠢ ᠰᠤᠮᠤᠨ ᠤ ᠤᠷᠤᠯᠳᠤᠭᠠᠨ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/12/27
          12 ᠳ᠋ᠤᠭᠠᠷ ᠰᠠᠷ᠎ᠠ ᠶᠢᠨ 24 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠮᠠᠨ ᠤ ᠬᠤᠰᠢᠭᠤᠨ ᠤ ᠰᠠᠶᠢᠬᠠᠠᠭᠤᠪᠢ ᠰᠤᠮᠤᠨ ᠤ ᠤᠷᠤᠯᠳᠤᠭᠠᠨ  ᠠᠮᠵᠢᠯᠳᠠ ᠲᠠᠢ ᠶᠠᠪᠤᠭᠳᠠᠪᠠ᠃           ᠤᠷᠤᠯᠳᠤᠭᠠᠨ ᠳᠤ 15 ᠺᠢᠯᠣᠮᠧᠲᠷ ᠤᠨ ᠰᠢᠨᠳᠠᠰᠦ ᠰᠢᠯᠭᠠᠬᠤ ᠤᠷᠤᠯᠳᠤᠭᠠᠨ᠂ 6000 ᠮᠧᠲᠷ ᠤᠨ  ᠬᠦᠴᠦᠨ ᠲᠠᠮᠵᠢᠭᠤᠯᠬᠤ ᠤᠷᠤᠯᠳᠤᠭᠠᠨ ᠢ ᠲᠤᠬᠢᠷᠠᠭᠤᠯᠵᠦ᠂ ᠤᠷᠤᠯᠳᠤᠭᠠᠨ ᠳᠤ ᠤᠷᠤᠯᠴᠠᠭᠰᠠᠳ ᠮᠣᠷᠢ ᠪᠠᠨ ᠤᠨᠤᠨ ᠲᠠᠰᠢᠭᠤᠷ ᠡᠷᠭᠦᠨ᠂ ᠤᠷ᠎ᠠ ᠮᠡᠷᠭᠡᠵᠢᠯ ᠢᠶᠠᠨ ᠮᠥᠷᠦ᠋ᠢᠴᠡᠵᠦ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠥᠬᠡᠶ ᠤᠷᠤᠭᠰᠢᠯᠠᠵᠤ᠂ ᠵᠣᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠵᠣᠭᠰᠣᠬᠤ ᠥᠬᠡᠶ︾  ᠪᠠᠶᠢᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃           ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠢᠨᠳᠠᠰᠦ ᠰᠢᠯᠭᠠᠬᠤ ᠤᠷᠤᠯᠳᠤᠭᠠᠨ ᠤ ᠡᠮᠦᠨ᠎ᠡ   ᠨᠠᠢᠮᠠ ᠳᠤ ᠬᠤᠷᠳᠤᠯᠠᠭᠰᠠᠨ ᠮᠣᠷᠢ ᠪᠠ ᠬᠦᠴᠦᠨ ᠲᠠᠮᠵᠢᠭᠤᠯᠬᠤ ᠤᠷᠤᠯᠳᠤᠭᠠᠨ ᠤ ᠡᠮᠦᠨ᠎ᠡ ᠭᠤᠷᠪᠠ ᠶᠢᠨ ᠪᠠᠶᠢᠷᠢᠨ  ᠳᠤ ᠲᠤᠳᠤᠷᠠᠭᠰᠠᠨ ᠮᠤᠷᠢᠳ ᠬᠤᠰᠢᠭᠤ ᠳᠡᠰ ᠤᠨ ᠮᠤᠩᠭᠤᠯ ᠮᠤᠷᠢᠨ ᠤ  ᠬᠤᠯᠪᠣᠭᠠᠲᠤ ᠤᠷᠤᠯᠳᠤᠭᠠᠨ ᠳᠤ  ᠤᠷᠤᠯᠴᠠᠬᠤ ᠪᠤᠯᠤᠨ᠎ᠠ᠃           ᠤᠷᠤᠯᠳᠤᠭᠠᠨ ᠤ ᠬᠤᠭᠤᠴᠠᠭᠠᠨ ᠳᠤ ᠰᠠᠶᠢᠬᠠᠠᠭᠤᠪᠢ ᠰᠤᠮᠤᠨ ᠳᠤ ᠪᠠᠰᠠ ᠮᠣᠩᠭᠤᠯ ᠮᠣᠷᠢᠨ ᠤ ᠦᠵᠡᠬᠦᠯᠬᠡ ᠶᠢᠨ ᠰᠢᠯᠭᠠᠷᠠᠭᠤᠯᠤᠯᠳᠠ ᠶᠢᠨ ᠤᠷᠤᠯᠳᠤᠭᠠᠨ ᠢ ᠨᠡᠮᠡᠨ ᠲᠣᠬᠢᠷᠠᠭᠤᠯᠵᠤ᠂ ᠰᠢᠯᠭᠠᠷᠠᠭᠤᠯᠬᠤ ᠺᠣᠮᠢᠰ ᠠᠴᠠ ᠤᠷᠤᠯᠳᠤᠭᠠᠨ ᠳᠤ ᠣᠷᠣᠯᠴᠠᠭᠰᠠᠨ ᠮᠣᠩᠭᠤᠯ ᠮᠣᠷᠢᠨ ᠤ ᠪᠡᠶ᠎ᠡ ᠭᠠᠯᠪᠢᠷ᠂ ᠥᠩᠭᠡ ᠵᠢᠰᠦ᠂ ᠠᠯᠬᠤᠭ᠎ᠠ᠂ ᠮᠣᠷᠢᠨ ᠤ ᠬᠡᠷᠡᠭᠰᠡᠯ ᠴᠢᠮᠡᠭᠯᠡᠯ ᠵᠡᠷᠭᠡ ᠶᠢ ᠦᠨᠳᠦᠰᠦᠯᠡᠨ ᠬᠤᠪᠢ ᠲᠣᠭᠲᠠᠭᠠᠵᠤ᠂ ᠲᠠᠷᠢᠬᠦᠨ ᠭᠤᠷᠪᠠᠨ ᠨᠠᠷ᠎ᠠ ᠶᠢ ᠰᠢᠯᠭᠠᠷᠠᠭᠤᠯᠤᠨ ᠂ ᠤᠷᠤᠯᠳᠤᠭᠠᠨ ᠳᠤ ᠬᠦᠷ ᠬᠦᠭᠵᠢᠶᠡᠨ ᠨᠡᠮᠡᠷᠢᠯᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号