ᠸᠠᠩ ᠶᠦᠩ ᠵᠢᠶᠦ᠋ᠨ ᠬᠤᠰᠢᠭᠤ ᠭᠤᠷᠪᠠᠳᠤᠭᠠᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/12/5
    11 ᠳ᠋ᠦᠬᠡᠷ ᠰᠠᠷ᠎ᠠ ᠶᠢᠨ 30᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ᠂  ᠬᠤᠰᠢᠭᠤ ᠭᠤᠷᠪᠠᠳᠤᠭᠠᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠎ ᠳᠤ ᠪᠠᠶᠢᠴᠠᠭᠠᠨ ᠰᠤᠳᠤᠯᠤᠯᠳᠠ ᠬᠢᠪᠠ  ᠃     ᠪᠠᠶᠢᠴᠠᠭᠠᠯᠳᠠ ᠳᠤ᠂ ᠸᠠᠩ ᠶᠦᠩ ᠵᠢᠶᠦ᠋ᠨ᠂ ᠬᠡᠤᠬᠡᠳ ᠤᠨ ᠴᠡᠴᠡᠷᠯᠢᠭ ᠤᠨ ᠣᠷᠴᠢᠨ ᠠᠬᠤᠶ ᠶᠢᠨ ᠲᠥᠬᠦᠭᠡᠷᠦᠮᠵᠢ᠂ ᠪᠠᠭᠰᠢ ᠶᠢᠨ ᠡᠩᠨᠡᠭᠡ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠢᠳᠡᠭᠡᠨ ᠤ  ᠵᠤᠶᠢᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃     ᠸᠠᠩ ᠶᠦᠩ ᠵᠢᠶᠦ᠋ᠨ  ᠎ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠰᠠᠶᠢᠲᠤᠷ ᠪᠠᠲᠤᠯᠠᠵᠤ᠂ ᠬᠡᠷ ᠤᠨ ᠭᠠᠳᠠᠨᠠᠬᠢ ᠬᠥᠳᠡᠯᠭᠡᠭᠡᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠦᠰᠦᠨ ᠪᠤᠶᠢᠵᠢᠯᠲᠠ ᠶᠢᠨ ᠬᠡᠷᠡᠭᠴᠡᠭᠡ ᠶᠢ ᠬᠦᠢᠴᠡᠳ ᠪᠣᠳᠣᠯᠬᠢᠯᠠᠵᠤ᠂ ᠢᠳᠡᠭᠡᠨ ᠤᠮᠳᠠᠭᠠᠨ᠂ ᠡᠳᠦᠷ ᠲᠤᠲᠤᠮ ᠤᠨ ᠠᠵᠢᠯᠯᠠᠵᠤ ᠠᠮᠠᠷᠠᠬᠤ ᠶᠢ ᠪᠠᠲᠤᠯᠠᠬᠤ ᠠᠵᠢᠯ ᠢ ᠰᠠᠶᠢᠲᠤᠷ ᠬᠢᠨ᠂ ᠬᠡᠤᠬᠡᠳ ᠤᠳ ᠲᠤ ᠠᠮᠤᠷ ᠲᠦᠪᠰᠢᠨ ᠂ ᠲᠠᠭᠠᠯᠠᠮᠵᠢᠲᠠᠶ᠂ ᠪᠠᠶᠠᠷ ᠬᠥᠷ ᠲᠠᠢ ᠰᠤᠷᠤᠯᠴᠠᠵᠤ ᠦᠰᠦᠨ ᠪᠤᠶᠢᠵᠢᠬᠤ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ  ᠃ ᠡᠯ᠎ᠡ  ᠵᠤᠶᠢᠯ ᠤᠨ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠪᠠ  ᠴᠠᠰᠦ ᠰᠢᠭᠤᠷᠭᠠᠨ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠢᠳᠡᠭᠡᠨ ᠤᠮᠳᠠᠭᠠᠨ ᠤ ᠦᠢᠯᠡᠴᠢᠯᠡᠭᠡ ᠶᠢ ᠬᠢᠨᠠᠮᠠᠭᠠᠶ ᠰᠠᠶᠢᠲᠤᠷ ᠬᠢᠵᠦ᠂ ᠢᠯᠡ ᠲᠣᠭᠤᠭᠠᠨ ᠬᠡᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ  ᠠᠬᠢᠭᠤᠯᠤᠨ᠂ ᠢᠳᠡᠭᠡᠨ ᠤᠮᠳᠠᠭᠠᠨ ᠤ ᠰᠢᠮ᠎ᠡ ᠲᠡᠵᠢᠭᠡᠯ ᠢ ᠰᠢᠨᠵᠢᠯᠡᠬᠦ ᠤᠬᠠᠭᠠᠨᠴᠢ ᠪᠠᠷ   ᠲᠤᠬᠢᠷᠠᠭᠤᠯᠬᠤ ᠬᠡᠷᠡᠭᠲᠡᠶ᠃ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾᠎ ᠶᠢ ᠡᠭᠦᠳᠦᠨ ᠪᠠᠶᠢᠭᠤᠯᠬᠤ ᠪᠠᠷ ᠭᠤᠤᠯ ᠰᠢᠵᠢᠮ ᠪᠣᠯᠭᠠᠵᠤ᠂ ᠡᠯ᠎ᠡ  ᠵᠤᠶᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠥᠮᠦᠵᠢᠯ ᠢ   ᠴᠢᠩᠭᠠᠳᠬᠠᠨ᠂ ᠠᠮᠤᠷ ᠲᠦᠪᠰᠢᠨ ᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠭᠦᠨᠵᠡᠭᠡᠶ᠂ ᠨᠠᠷᠢᠯᠢᠭ᠂ ᠪᠣᠳᠠᠲᠠᠶ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ ᠪᠥᠬᠦ ᠬᠦᠴᠦᠨ ᠢᠶᠠᠷ ᠢᠶᠠᠨ  ᠪᠠᠶᠢᠭᠤᠯᠬᠤ ᠬᠡᠷᠡᠭᠲᠡᠶ ᠬᠡᠪᠡ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ  ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠥᠩ  ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ  ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号