︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠲᠡᠤᠬᠡ ᠶᠢᠨ ᠲᠣᠮᠣ ᠬᠡᠷᠡᠭ  ᠤᠨ ᠲᠡᠮᠳᠡᠭᠯᠡᠯ ︵2011 — 2020︶︾ ︵ᠡᠬᠡ ᠪᠢᠴᠢᠭ︶ ᠢ ᠬᠢᠨᠠᠨ ᠲᠤᠭᠲᠠᠭᠠᠬᠤ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2023/12/7
      12 ᠳ᠋ᠤᠭᠡᠷ ᠰᠠᠷ᠎ᠠ ᠶᠢᠨ 5 ᠤ ᠡᠳᠦᠷ᠂ ᠮᠠᠨ ᠤ ᠬᠤᠰᠢᠭᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠲᠡᠤᠬᠡ ᠶᠢᠨ ᠲᠤᠮᠤ ᠬᠡᠷᠡᠭ ᠤᠨ ᠲᠡᠮᠳᠡᠭᠯᠡᠯ ︵2011 — 2020︶ ︾ ︵ᠡᠬᠡ ᠪᠢᠴᠢᠭ︶ ᠢ ᠬᠢᠨᠠᠨ ᠲᠣᠭᠲᠠᠭᠠᠬᠤ ᠬᠤᠷᠠᠯ ᠬᠤᠷᠠᠯᠲᠤᠵᠤ᠂  ᠠᠶᠢᠮᠠᠭ ᠤᠨ ᠨᠠᠮ ᠤᠨ ᠲᠡᠤᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠯᠢ ᠵᠢᠶᠠᠨ ᠸᠧᠨ李建文᠂ ᠠᠶᠢᠮᠠᠭ ᠤᠨ ᠨᠠᠮ ᠤᠨ ᠲᠡᠤᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠯᠢ ᡁᠢ ᠵᠢᠶᠦ᠋ᠨ 李志军  ᠵᠢᠴᠢ ᠬᠤᠰᠢᠭᠤ ᠤᠳᠤᠷᠢᠳᠤᠯᠭ᠎ᠠ ᠵᠢᠶᠠ ᡁᠢ ᠭᠠᠩ᠂ ᠡᠤ ᠵᠢᠶᠠᠨ ᠵᠢᠶᠦ᠋ᠨ᠂ ᠸᠠᠩ ᠬᠥᠩ᠂ ᠰᠡᠴᠡᠨᠪᠢᠯᠢᠭ᠂ ᠵᠣᠣ ᠯᠢ ᠴᠢᠶᠠᠩ᠂ ᠲᠡᠯᠡᠶ ᠬᠤᠷᠠᠯ ᠳᠤ ᠣᠷᠣᠯᠴᠠᠵᠠᠶ᠃       ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠲᠡᠦᠬᠡ ᠶᠢᠨ ᠲᠤᠮᠤ ᠬᠡᠷᠡᠭ ᠤᠨ ᠲᠡᠮᠳᠡᠭᠯᠡᠯ ︵2011 — 2020︶︾ ︵ᠡᠬᠡ  ᠪᠢᠴᠢᠭ︶ ᠢ ᠬᠢᠨᠠᠨ ᠲᠣᠭᠲᠠᠭᠠᠬᠤ ᠵᠥᠪᠯᠡᠯ ᠤᠨ ᠨᠡᠷᠡᠰ ᠢ ᠤᠩᠰᠢᠨ ᠨᠡᠶᠢᠲᠡᠯᠡᠵᠦ᠂ ᠡᠬᠡ ᠨᠤᠤᠷᠠᠭ ᠢ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ᠠᠵᠢᠯ ᠤᠨ ᠪᠠᠶᠢᠳᠠᠯ ᠤᠨ ᠲᠤᠬᠠᠢ  ᠶᠠᠷᠢᠶ᠎ᠠ ᠬᠢᠵᠤ᠂ ᠬᠢᠨᠠᠨ ᠲᠣᠭᠲᠠᠭᠠᠬᠤ ᠭᠡᠰᠢᠭᠦᠨ ᠳᠡᠰ ᠳᠠᠷᠠᠭᠠᠯᠠᠨ ᠶᠠᠷᠢᠶ᠎ᠠ ᠲᠠᠯᠪᠢᠵᠤ ᠨᠣᠮ ᠤᠨ ᠡᠬᠡ ᠨᠤᠤᠷᠠᠭ ᠤᠨ ᠴᠣᠭᠴᠠ᠂ ᠮᠠᠲ᠋ᠧᠷᠢᠶᠠᠯ ᠢ ᠰᠣᠩᠭᠤᠨ ᠬᠡᠷᠡᠭᠯᠡᠭᠰᠡᠨ᠂ ᠠᠭᠤᠯᠭ᠎ᠠ᠂ ᠪᠦᠲᠦᠴᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠪᠣᠳᠠᠲᠠᠶ ᠵᠠᠰᠠᠪᠤᠷᠢ ᠣᠷᠣᠭᠤᠯᠬᠤ ᠰᠠᠨᠠᠯ ᠲᠤᠷᠠᠤᠨᠴᠤ᠂ ︽ᠬᠢᠨᠠᠨ ᠲᠣᠭᠲᠠᠭᠠᠬᠤ ᠰᠠᠨᠠᠯ︾ ᠢ ᠤᠩᠰᠢᠨ ᠨᠡᠶᠢᠲᠡᠯᠡᠬᠦ ᠶᠢᠨ ᠬᠠᠮᠲᠤ ᠬᠢᠨᠠᠨ ᠲᠣᠭᠲᠠᠭᠠᠬᠤ ᠺᠣᠮᠢᠰ ᠲᠤ ᠳᠡᠪᠰᠢᠭᠦᠯᠦᠨ ᠲᠤᠭᠲᠠᠭᠠᠵᠤ᠂ ᠰᠢᠯᠭᠠᠷᠠᠭᠤᠯᠬᠤ ᠺᠣᠮᠢᠰ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠲᠡᠦᠬᠡ ᠶᠢᠨ ᠲᠤᠮᠤ ᠬᠡᠷᠡᠭ ᠤᠨ ᠲᠡᠮᠳᠡᠭᠯᠡᠯ ︵2011—2020︶︾ ︵ᠡᠬᠡ ᠪᠢᠴᠢᠭ︶ ᠢ ᠰᠢᠯᠭᠠᠷᠠᠭᠤᠯᠤᠯᠲᠠ ᠳᠤ ᠪᠠᠲᠤᠯᠠᠬᠤ ᠪᠠᠷ ᠲᠣᠭᠲᠠᠪᠠ᠃       ᠬᠤᠷᠠᠯ ᠠᠴᠠ᠂ ᠨᠠᠶᠢᠷᠠᠭᠤᠯᠤᠨ ᠪᠢᠴᠢᠬᠦ ᠠᠵᠢᠯᠲᠠᠳ ᠢᠲᠡᠭᠡᠮᠵᠢᠲᠡᠶ᠂ ᠬᠡᠷᠡᠭᠯᠡᠵᠦ᠂ ᠤᠩᠰᠢᠵᠤ ᠪᠣᠯᠬᠤ᠂ ᠬᠠᠳᠠᠭᠠᠯᠠᠵᠤ ᠪᠣᠯᠬᠤ ᠨᠠᠶᠢᠷᠠᠭᠤᠯᠤᠨ ᠪᠢᠴᠢᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠪᠣᠳᠠᠲᠠᠶ ᠠᠵᠢᠯ ᠳᠤ ᠨᠠᠷᠢᠯᠢᠭ ᠬᠦᠴᠦ ᠣᠷᠣᠭᠤᠯᠤᠨ ᠪᠣᠳᠠᠲᠠᠶ ᠠᠷᠭ᠎ᠠ ᠬᠡᠮᠵᠢᠶ᠎ᠠ ᠠᠪᠴᠤ  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠲᠡᠤᠬᠡ ᠶᠢᠨ ᠲᠣᠮᠣ ᠬᠡᠷᠡᠭ ᠤᠨ ᠲᠡᠮᠳᠡᠭᠯᠡᠯ ︵2011—2020︶︾ ᠢ ᠲᠡᠤᠬᠡ ᠶᠢᠨ ᠦᠯᠡᠳᠡᠭᠳᠡᠯ᠂ ᠬᠠᠶᠢᠨ ᠪᠠᠶᠢᠴᠠᠭᠠᠵᠤ ᠦᠵᠡᠬᠦ᠂ ᠤᠬᠠᠭᠤᠯᠤᠨ ᠲᠠᠨᠢᠯᠴᠠᠭᠤᠯᠬᠤ ᠴᠢᠬᠤᠯᠠ ᠰᠣᠶᠣᠯ ᠲᠡᠤᠬᠡ ᠶᠢᠨ ᠠᠴᠢᠶᠠᠯᠠᠪᠤᠷᠢ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠡᠦᠬᠡ ᠳᠤ ᠵᠠᠰᠠᠪᠤᠷᠢ ᠣᠷᠣᠭᠤᠯᠬᠤ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠬᠢᠨᠠᠨ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠭᠤᠷᠪᠠ ᠶᠢ ᠬᠢᠨᠠᠵᠤ ᠭᠤᠷᠪᠠᠨ ᠰᠤᠷᠭᠠᠭᠤᠯᠢ︾ ᠶᠢᠨ ᠲᠦᠷᠢᠮ ᠢᠶᠠᠷ  ᠶᠠᠰᠤ ᠴᠢᠨᠠᠷ ᠢ ᠴᠢᠩᠭ᠎ᠠ ᠬᠡᠷᠡᠭᠵᠢᠭᠦᠯᠵᠦ ᠪᠠᠲᠤᠯᠠᠭᠰᠠᠨ ᠤᠷᠢᠲᠠᠯ ᠳᠣᠣᠷ᠎ᠠ᠂ ᠠᠬᠢᠴᠠ ᠶᠢ ᠲᠦᠷᠭᠡᠳᠬᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠲᠡᠦᠬᠡ ᠶᠢᠨ ᠲᠤᠮᠤ ᠬᠡᠷᠡᠭ ᠤᠨ ᠲᠡᠮᠳᠡᠭᠯᠡᠯ ︵2011 — 2020︶︾ ᠢ ᠡᠷᠲᠡᠬᠡᠨ ᠬᠡᠪᠯᠡᠭᠦᠯᠬᠦ ᠶᠢ ᠠᠬᠢᠭᠤᠯᠬᠤ ᠬᠡᠷᠡᠭᠲᠡᠢ ᠭᠡᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号