ᠰᠥᠨᠢᠳ ᠵᠡᠭᠦᠨ ᠬᠤᠰᠢᠭᠤ ︽ᠴᠡᠷᠢᠭ ᠢᠶᠠᠨ ᠬᠦᠷᠢᠶᠡᠯᠡᠬᠦ ᠵᠢᠭᠡᠯᠡᠯᠭᠡ︾᠎ ᠪᠠᠷ ᠴᠡᠷᠢᠭ ᠠᠴᠠ ᠬᠠᠯᠠᠭᠳᠠᠭᠰᠠᠳ ᠤᠨ ᠦᠢᠯᠡᠰ ᠴᠤᠭᠴᠠᠯᠠᠬᠤ ᠶᠢ ᠢᠳᠡᠪᠬᠢᠳᠠᠢ ᠲᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2023/3/9
        ᠴᠡᠷᠢᠭ ᠠᠴᠠ ᠬᠠᠯᠠᠭᠳᠠᠭᠰᠠᠳ ᠤᠨ ᠦᠢᠯᠡᠰ ᠴᠣᠭᠴᠠᠯᠠᠵᠤ ᠠᠵᠢᠯ ᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠎ ᠶᠢ ᠴᠢᠩᠭᠠᠳᠬᠠᠨ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠬᠠᠪᠰᠤᠷᠤᠨ ᠰᠡᠶᠢᠳᠪᠦᠷᠢᠯᠡᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠵᠤᠷᠢᠭᠵᠢᠭᠤᠯᠬᠤ ᠶᠢᠨ ᠲᠤᠰᠠᠳᠠ᠂ ᠣᠶᠢᠷ᠎ᠠ ᠳᠤ᠂ ᠮᠠᠨ ᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂  ᠬᠤᠰᠢᠭᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠷᠠᠨ ︽ᠴᠡᠷᠢᠭ ᠢᠶᠠᠨ ᠬᠦᠷᠢᠶᠡᠯᠡᠬᠦ ᠵᠢᠭᠡᠯᠡᠯᠭᠡ︾᠎  ᠲᠠᠯᠪᠢᠵᠦ᠂ ᠴᠡᠷᠢᠭ ᠠᠴᠠ ᠬᠠᠯᠠᠭᠳᠠᠭᠰᠠᠳ ᠵᠢᠴᠢ ᠥᠷᠭᠡᠨ ᠣᠯᠠᠨ ᠠᠰᠠᠷᠠᠨ ᠬᠠᠷᠠᠭᠠᠯᠵᠠᠬᠤ ᠡᠲᠡᠭᠡᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃         ︽ᠴᠡᠷᠢᠭ ᠢᠶᠠᠨ ᠬᠦᠷᠢᠶᠡᠯᠡᠬᠦ ᠵᠢᠭᠡᠯᠡᠯᠭᠡ︾ ᠪᠣᠯ ᠪᠥᠬᠦ ᠬᠤᠰᠢᠭᠤᠨ ᠤ ᠴᠡᠷᠢᠭ ᠤᠨ ᠠᠯᠪᠠ ᠬᠠᠭᠠᠵᠦ ᠪᠠᠶᠢᠭ᠎ᠠ ᠪᠤᠶᠤ ᠴᠡᠷᠢᠭ ᠠᠴᠠ ᠬᠠᠯᠠᠭᠳᠠᠭᠰᠠᠳ ᠤᠨ ᠬᠡᠷ ᠪᠦᠯᠢ ᠳᠤ ᠲᠠᠷᠬᠠᠭᠠᠭᠰᠠᠨ ᠦᠢᠯᠡᠳᠪᠦᠷᠢᠯᠡᠯ ᠡᠵᠡᠩᠨᠡᠯᠲᠡ ᠪᠠ ᠪᠠᠯᠠ ᠮᠦᠩᠬᠦᠨ ᠤ ᠬᠡᠷᠡᠭᠴᠡᠭᠡ ᠶᠢ ᠬᠠᠩᠭᠠᠬᠤ ᠳᠤ ᠲᠠᠯᠪᠢᠵᠦ ᠪᠠᠶᠢᠭ᠎ᠠ ᠵᠢᠭᠡᠯᠡᠯᠭᠡ ᠮᠥᠨ᠃ ᠵᠢᠭᠡᠯᠡᠯᠭᠡ ᠶᠢᠨ ᠲᠤᠭ᠎ᠠ ᠬᠡᠮᠵᠢᠶ᠎ᠡ ᠶᠡᠭᠡ᠂ ᠬᠦᠤ ᠶᠢᠨ ᠨᠣᠷᠮ᠎ᠠ ᠳᠣᠤᠷ᠎ᠠ ᠵᠡᠷᠭᠡ ᠣᠨᠴᠠᠯᠢᠭ ᠲᠠᠢ ᠪᠠᠶᠢᠵᠤ᠂ ᠮᠠᠨ ᠤ ᠬᠤᠰᠢᠭᠤᠨ ᠠᠴᠠ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠠᠳᠠᠯ ᠦᠢᠯᠡᠰ ᠴᠣᠭᠴᠠᠯᠠᠨ ᠠᠵᠢᠯ ᠤᠯᠬᠤ ᠶᠢ ᠴᠢᠩᠭᠠᠳᠬᠠᠬᠤ ᠳᠤ ᠠᠪᠤᠭᠰᠠᠨ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠡᠨᠡ ᠨᠢ ᠴᠡᠷᠢᠭ ᠢᠶᠠᠨ ᠬᠦᠷᠢᠶᠡᠯᠡᠵᠦ ᠬᠡᠷ ᠪᠦᠯᠢ ᠶᠢ ᠨᠢ ᠬᠠᠷᠠᠭᠠᠯᠵᠠᠬᠤ ᠵᠢᠴᠢ ᠴᠡᠷᠢᠭ ᠠᠴᠠ ᠬᠠᠯᠠᠭᠳᠠᠭᠰᠠᠳ ᠤᠨ ᠰᠢᠨ᠎ᠠ ᠶᠢ ᠡᠬᠦᠳᠴᠦ‌ᠠᠳᠠᠯ ᠦᠢᠯᠡᠰ ᠴᠤᠭᠴᠠᠯᠠᠬᠤ ᠬᠦᠴᠢᠷᠳᠡᠯ ᠢ ᠨᠢ ᠰᠡᠢᠳᠪᠦᠷᠢᠯᠡᠵᠦ ᠪᠠᠶᠢᠭ᠎ᠠ ᠶᠠᠪᠤᠳᠠᠯ ᠪᠤᠯᠤᠨ᠎ᠠ᠃         ᠰᠤᠷᠪᠤᠯᠵᠢᠯᠠᠭ᠎ᠠ— ᠪᠠᠶ᠋ᠬᠠᠠᠭᠤᠯᠠ ᠰᠤᠮᠦᠨ ᠤ ᠷᠠᠰᠢᠶᠠᠠᠪᠤᠯᠠᠭ ᠭᠠᠴᠠᠭᠠᠨ ᠤ ᠮᠠᠯᠴᠢᠨ ᠠᠶᠢᠭ         ᠴᠡᠷᠢᠭ ᠠᠴᠠ ᠬᠠᠯᠠᠭᠳᠠᠭᠰᠠᠳ ᠪᠣᠯ ᠴᠢᠬᠤᠯᠠ ᠬᠥᠮᠦᠨ ᠤ ᠬᠦᠴᠦᠨ ᠤ ᠡᠬᠢ ᠪᠠᠶᠠᠯᠢᠭ ᠪᠠᠶᠢᠵᠦ᠂ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠶᠢᠨ ᠨᠠᠶᠢᠳᠠᠪᠤᠷᠢᠲᠠᠶ ᠬᠦᠴᠦᠨ ᠮᠥᠨ᠂ ᠬᠤᠶᠢᠰᠢᠳᠡ‌ᠮᠠᠨ ᠤ ᠬᠤᠰᠢᠭᠤ ᠠᠵᠢᠯ ᠤᠨ ᠡᠷᠴᠢᠮ ᠵᠶ᠋ᠠᠨ‌ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠬᠡᠷᠡᠭᠵᠢᠬᠦᠯᠦᠨ᠂ ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号