ᠠᠯᠳᠠᠨᠳᠠᠯᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/3/9
      ᠠᠯᠳᠠᠨᠳᠠᠯᠠᠢ᠂ ᠮᠣᠩᠭᠤᠯ ᠦᠨᠳᠦᠰᠦᠲᠡᠨ᠂ ᠤᠷᠳᠤᠰ ᠤᠨ ᠡᠵᠡᠨ ᠬᠤᠷᠤᠭ᠎ᠠ ᠬᠤᠰᠢᠭᠤᠨ ᠳᠤ ᠲᠦᠷᠦᠵᠡᠢ᠃ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠡᠰᠢᠬᠦᠨ᠂ ᠤᠯᠤᠰ ᠲᠦᠷᠦ ᠶᠢᠨ ᠵᠦᠪᠯᠡᠯᠬᠡᠨ ᠤ ᠰᠥᠨᠢᠳ ᠵᠡᠭᠦᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠭᠡᠰᠢᠭᠦᠨ᠂ ᠤᠯᠤᠰ ᠤᠨ ᠨᠢᠭᠡᠳᠦᠭᠡᠷ ᠳᠡᠰ ᠤᠨ ᠨᠠᠶᠢᠷᠠᠭᠤᠯᠤᠭᠴᠢ ᠤᠳᠤᠷᠢᠳᠤᠭᠠᠴᠢ᠂ ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ᠂ ᠥᠪᠥᠷ ᠮᠣᠩᠭᠤᠯ ᠤᠨ ᠪᠥᠵᠢᠭᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠤᠯᠠᠭᠠᠨᠮᠥ᠋ᠴᠢᠷ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠮᠣᠩᠭᠤᠯ ᠵᠦᠴᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠰᠢᠯᠢ ᠶᠢᠨ ᠭᠤᠤᠯ ᠠᠶᠢᠮᠠᠭ ᠤᠨ ᠪᠥᠵᠢᠭᠴᠢᠳ ᠤᠨ ᠨᠡᠶᠢᠭᠡᠮᠯᠢᠭ ᠤᠨ ᠭᠡᠰᠢᠭᠦᠨ᠂ ᠰᠥᠨᠢᠳ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠪᠥᠵᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠵᠡᠷᠬᠡ ᠲᠤᠰᠢᠶᠠᠯ ᠢ ᠡᠬᠦᠷᠬᠡᠯᠡᠵᠦ ᠪᠤᠢ᠃       2023 ᠣᠨ ᠤ 1 ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯᠳᠤᠭᠠᠨ ᠠᠴᠠ ᠠᠯᠳᠠᠨᠳᠠᠯᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠪᠠ᠃ ᠡᠨᠡᠬᠦ ᠬᠦᠨᠳᠦ ᠡᠭᠦᠷᠭᠡ ᠬᠠᠷᠢᠭᠤᠴᠠᠯᠭ᠎ᠠ ᠶᠢᠨ ᠲᠤᠬᠠᠶ ᠠᠯᠳᠠᠨᠳᠠᠯᠠᠢ ᠠᠴᠠ ᠤᠶᠢᠯᠭᠠᠭᠰᠠᠨ ᠢᠶᠠᠷ᠄ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠭᠡᠰᠢᠭᠦᠨ  ᠪᠤᠯᠤᠭᠰᠠᠨ ᠤ ᠬᠤᠪᠢ ᠳᠤ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠂ ᠬᠤᠶᠢᠰᠢᠳᠡ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠢᠯᠡᠭᠦᠬᠡᠨ ᠠᠵᠢᠭᠯᠠᠵᠤ᠂ ᠢᠯᠡᠭᠦᠬᠡᠨ ᠰᠤᠷᠤᠯᠴᠠᠨ᠂ ᠢᠯᠡᠭᠦᠬᠡᠨ ᠪᠠᠶᠢᠴᠠᠭᠠᠨ ᠰᠤᠳᠤᠯᠤᠯᠲᠠ ᠬᠢᠵᠦ᠂ ᠤᠯᠤᠰ ᠲᠥᠷᠥ ᠶᠢᠨ ᠵᠥᠪᠯᠡᠯᠭᠡᠨ ᠤ ᠲᠠᠪᠴᠠᠩ ᠢ ᠰᠠᠶᠢᠲᠤᠷ ᠠᠰᠢᠭᠯᠠᠨ᠂ ᠰᠣᠶᠣᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠤᠨ᠎ᠠ ᠬᠡᠵᠦ ᠶᠠᠷᠢᠨ᠎ᠠ᠃       ᠭᠤᠴᠢᠨ ᠵᠢᠯ ᠤᠨ ᠲᠤᠷᠰᠢ᠂ ᠠᠯᠳᠠᠨᠳᠠᠯᠠᠢ ᠤᠷᠢᠳ ᠬᠤᠵᠢᠳ 60 ᠭᠠᠷᠤᠶ ᠳᠠᠭᠤᠤ ᠪᠥᠵᠢᠭ᠂ 4 ᠲᠠᠶᠢᠰᠠᠨ ᠤ ᠵᠦᠴᠦᠭᠡ ᠶᠢ ᠵᠣᠬᠢᠶᠠᠨ ᠪᠦᠳᠦᠬᠡᠵᠦ᠂ ᠪᠦᠬᠦ ᠣᠷᠣᠨ ᠤ ᠠᠩᠬᠠᠳᠤᠭᠠᠷ ᠬᠤᠭᠤᠴᠠᠭ᠎ᠠ᠂ ᠬᠤᠶᠠᠷ᠂ ᠭᠤᠷᠪᠠ᠂ ᠲᠠᠪᠤᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠢ ᠵᠦᠴᠦᠭᠡ ᠶᠢᠨ ᠬᠠᠮᠲᠤᠷᠠᠭᠰᠠᠨ ᠲᠣᠭᠯᠠᠯᠲᠠ ᠳᠤ ᠣᠷᠣᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭ᠎ᠠ‌‍ᠪᠠ ᠬᠤᠶᠠᠳᠤᠭᠠᠷ ᠬᠤᠭᠤᠴᠠᠭᠠᠨ ᠤ ᠮᠣᠩᠭᠤᠯ ᠬᠡᠯᠡᠨ ᠤ ᠰᠢ ᠵᠦᠴᠦᠭᠡ ᠶᠢᠨ ᠨᠠᠶᠢᠷ᠂ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠂ ᠠᠷᠪᠠᠨ ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠮᠣᠩᠭᠤᠯ ᠬᠡᠯᠡᠨ ᠤ ᠰᠢ ᠵᠦᠴᠦᠭᠡ ᠶᠢᠨ ᠨᠠᠶᠢᠷ  ᠲᠤ ᠤᠷᠤᠯᠴᠠᠨ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠴᠢᠳ ᠪᠠ ᠲᠤᠰᠬᠠᠶ ᠮᠡᠷᠭᠡᠵᠢᠯᠲᠡᠳ ᠤᠨ ᠲᠠᠭᠠᠰᠢᠶᠠᠯ ᠢ ᠣᠯᠵᠤ᠂ ᠣᠯᠠᠨ ᠤᠯᠤᠰ ᠶᠢᠨ ᠪᠠ ᠪᠦᠬᠦ ᠤᠯᠤᠰ᠂ ᠣᠷᠣᠨ  ᠪᠠ ᠠᠶᠢᠮᠠᠭ ᠤᠨ ᠲᠠᠰ ᠤᠨ ᠱᠠᠩᠨᠠᠯ ᠢ ᠣᠯᠠᠨᠲᠠ ᠭᠥᠷᠳᠡᠭᠰᠡᠨ ᠪᠠᠶᠢᠨ᠎ᠠ᠃       ᠤᠢᠢᠷ᠎ᠠ ᠶᠢᠨ ᠵᠢᠯ  ᠳᠤ᠂ ᠵᠢᠯ ᠪᠦᠷᠢ ᠬᠤᠰᠢᠭᠤ ᠤᠯᠠᠭᠠᠨᠮᠥ᠋ᠴᠢᠷ ᠤᠨ ᠭᠡᠰᠢᠭᠦᠳ ᠢ ᠵᠣᠬᠢᠶᠠᠨ ᠪᠠᠶᠢᠭᠤᠯᠵᠤ 100 ᠭᠠᠷᠤᠢ  ᠲᠠᠯᠠᠪᠤᠷ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠴᠢᠨᠠᠷᠳᠠᠢ ᠲᠣᠭᠯᠠᠯᠲᠠ ᠶᠢ ᠡᠷᠬᠢᠯᠡᠵᠦ᠂ ᠰᠢᠨ᠎ᠡ ᠴᠠᠭ ᠦᠶ᠎ᠡ ᠠᠴᠠ ᠣᠯᠭᠤᠭᠰᠠᠨ ᠬᠠᠷᠢᠭᠤᠴᠠᠯᠭ᠎ᠠ ᠪᠠ ᠡᠭᠦᠷᠭᠡᠯᠡᠯ ᠢ ᠡᠬᠦᠷᠬᠡᠯᠡᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠤᠨ ᠤᠤᠷ ᠴᠢᠨᠠᠷ ᠢ ᠡᠭᠦᠷᠢᠳᠡ ᠬᠠᠳᠠᠭᠠᠯᠠᠵᠤ᠂ ᠲᠤᠬᠠᠢ ᠶᠢᠨ ᠭᠠᠵᠠᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠪᠠᠷᠠᠬᠤ ᠦᠭᠡᠢ᠂ ᠪᠠᠰᠠ ᠨᠠᠮ ᠤᠨ ᠳᠠᠭᠤᠨ ᠢ ᠲᠠᠮᠵᠢᠭᠤᠯᠤᠨ᠂ ᠮᠣᠩᠭᠤᠯ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠬᠠᠷᠢᠭᠤᠴᠠᠯᠭ᠎ᠠ ᠶᠢ ᠰᠠᠶᠢᠳᠤᠷ ᠪᠡᠶᠡᠯᠡᠬᠦᠯᠵᠦ ᠢᠷᠡᠭᠰᠡᠨ ᠪᠠᠶᠢᠨ᠎ᠠ᠃       ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ ᠪᠣᠯᠤᠭᠰᠠᠨ  ᠨᠢ ᠲᠡᠭᠦᠨ ᠢ ᠨᠤᠲᠠᠯᠠᠵᠤ ᠢᠲᠡᠭᠡᠵᠦ ᠪᠠᠶᠢᠭ᠎ᠠ ᠦᠢᠯᠡ ᠠᠵᠢᠯᠯᠠᠭ᠎ᠠ‌ᠮᠥ᠋ᠨ᠂ ᠪᠠᠰᠠ ᠴᠤ ᠲᠡᠭᠦᠨ ᠢ ᠵᠣᠷᠢᠭᠵᠢᠭᠤᠯᠵᠤ ᠪᠠᠶᠢᠭ᠎ᠠ ᠶᠠᠪᠤᠳᠠᠯ ᠪᠤᠯᠤᠨ᠎ᠠ᠃ ᠠᠯᠳᠠᠠᠳᠠᠯᠠᠢ ᠦᠷᠭᠦᠯᠵᠢᠯᠡᠨ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠨ᠂ ᠦᠨ᠎ᠡ ᠦᠷᠳᠡᠭ ᠲᠠᠢ ᠰᠠᠨᠠᠯ ᠰᠠᠨᠠᠭᠤᠯᠭ᠎ᠠ᠂ ᠠᠷᠭ᠎ᠠ ᠤᠬᠠᠭᠠᠨ ᠳᠤᠷᠠᠳᠴᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠠᠬᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠦᠪᠡᠷ ᠤᠨ ᠬᠦᠴᠦᠨ ᠴᠢᠳᠠᠯ ᠢᠶᠠᠨ ᠦᠵᠡᠬᠦᠯᠬᠦ ᠪᠠᠷ ᠪᠠᠶᠢᠨ᠎ᠠ᠃      
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号