ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠠᠮᠢᠳᠤᠷᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2023/3/9
       2 ᠳ᠋ᠤᠭᠠᠷ ᠰᠠᠷ᠎ᠠ ᠶᠢᠨ 9 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ‌ᠠᠮᠢᠳᠤᠷᠠᠯ ᠤᠨ ᠬᠤᠷᠠᠯ ᠬᠤᠷᠠᠯᠳᠤᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠱᠤᠸᠠᠩ ᠪᠦᠦ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠶ᠃        ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠲᠣᠰ ᠤᠳᠠᠭᠠᠨ ᠤ ᠠᠷᠠᠳᠴᠢᠯᠠᠯ  ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠠᠵᠢᠯ ᠤᠨ ᠲᠥᠰᠦᠯ ᠢᠶᠠᠨ ᠨᠠᠷᠢᠨ ᠨᠢᠮᠪᠠᠶ ᠲᠤᠭᠳᠠᠭᠠᠨ᠂ ᠲᠤᠰᠬᠠᠶ ᠰᠡᠳᠤᠪ ᠢᠶᠠᠷ ᠰᠤᠷᠤᠯᠴᠠᠵᠤ᠂ ᠰᠤᠳᠤᠯᠤᠨ ᠶᠠᠷᠢᠯᠴᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠡᠳᠬᠢᠯ ᠤᠨ ᠦᠭᠡ ᠪᠠᠨ ᠲᠡᠯᠬᠡᠨ ᠶᠠᠷᠢᠯᠴᠠᠬᠤ ᠶᠢ ᠭᠦᠨᠵᠡᠭᠡᠶ ᠦᠷᠨᠢᠬᠦᠯᠦᠨ᠂ ᠬᠠᠷᠠᠭᠤᠯᠤᠭᠰᠠᠨ‌‍ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ᠂ ᠠᠷᠠᠳᠴᠢᠯᠠᠯ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠬᠦᠢᠴᠡᠳ ᠪᠡᠯᠡᠳᠬᠡᠯ ᠬᠢᠵᠡᠶ᠃        ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠰᠠᠨᠠᠯ ᠰᠠᠨᠠᠭᠤᠯᠭ᠎ᠠ ᠶᠢᠨ ᠪᠠᠶᠢᠳᠠᠯ ᠢ ᠮᠡᠳᠡᠭᠳᠡᠪᠡ᠃        ᠱᠤᠸᠠᠩ ᠪᠦᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠠᠭᠤᠯᠤᠭᠰᠠᠨ ᠪᠠᠶᠢᠴᠠᠭᠠᠯᠲᠠ ᠬᠢᠬᠦ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠠᠭᠤᠯᠤᠭᠰᠠᠨ ᠪᠠᠶᠢᠴᠠᠭᠠᠯᠲᠠ ᠬᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠲᠠᠰ ᠳᠠᠷᠠᠭᠠᠯᠠᠨ ᠬᠠᠷᠠᠭᠤᠯᠤᠭᠰᠠᠨ ᠪᠠᠶᠢᠴᠠᠭᠠᠯᠲᠠ  ᠬᠢᠵᠦ᠂ ᠨᠢᠭᠤᠷᠲᠠᠨ ᠰᠢᠭᠦᠮᠵᠢᠯᠡᠵᠦ᠂ ᠪᠤᠳᠤᠯ ᠰᠡᠳᠬᠢᠯ ᠢᠶᠠᠨ ᠤᠶᠢᠯᠭᠠᠯᠴᠠᠬᠤ᠂ ᠠᠰᠠᠭᠤᠳᠠᠯ ᠢ ᠡᠷᠢᠬᠦ᠂ ᠪᠦᠯᠬᠦᠮᠳᠡᠯ ᠢᠶᠠᠨ ᠴᠢᠩᠭᠠᠳᠬᠠᠬᠤ᠂ ᠬᠠᠮᠲᠤ ᠶᠢᠨ ᠲᠠᠨᠢᠯᠲᠠ ᠲᠠᠢ ᠪᠣᠯᠬᠤ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃        ᠱᠤᠸᠠᠩ ᠪᠦᠦ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠄ ᠲᠣᠰ ᠤᠳᠠᠭᠠᠨ ᠤ ᠠᠷᠠᠳᠴᠢᠯᠠᠯ  ᠠᠮᠢᠳᠤᠷᠠᠯ ᠤᠨ ᠬᠤᠷᠠᠯ ᠢᠶᠠᠷ ᠳᠠᠮᠵᠢᠭᠤᠯᠤᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ  ᠨᠢᠬᠡᠳᠬᠡᠵᠦ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠳᠠᠷᠠᠭᠤᠯᠤᠨ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠤᠨ ᠰᠢᠨᠵᠢᠯᠡᠵᠦ᠂ ᠬᠤᠶᠢᠰᠢᠳᠠ ᠶᠢᠨ ᠴᠢᠷᠮᠠᠶᠢᠬᠤ ᠴᠢᠭᠯᠡᠯ ᠢ ᠲᠣᠳᠣᠷᠬᠠᠶ ᠪᠤᠯᠭᠠᠨ᠂ ︽ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ︾ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠢᠮᠠᠭᠲᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠤᠨ᠂ ︽ᠬᠤᠶᠠᠷ ᠢ ᠲᠣᠭᠲᠠᠭᠠᠬᠤ︾  ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠰᠠᠶᠢᠳᠤᠷ ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠬᠤ ᠬᠡᠷᠡᠭᠲᠡᠶ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠷᠠᠳᠴᠢᠯᠠᠯ ᠠᠮᠢᠳᠤᠷᠠᠯ ᠤᠨ ᠬᠤᠷᠠᠯ  ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠵᠠᠩᠭᠢᠯᠠᠭ᠎ᠠ ᠪᠣᠯᠭᠠᠵᠤ᠂ ᠠᠰᠠᠭᠤᠳᠠᠯ ᠤᠨ ᠨᠠᠷᠢᠨ ᠳᠠᠩᠰᠠ ᠶᠢ ᠡᠮᠬᠢᠳᠬᠡᠨ ᠲᠤᠭᠳᠠᠭᠠᠨ᠂ ᠠᠵᠢᠯ ᠤᠨ ᠡᠬᠡ ᠳᠠᠩᠰᠠ ᠪᠠᠶᠢᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠬᠦᠯᠦᠨ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠦ᠋ᠢᠬᠠᠨ ᠥᠭᠡᠷᠡᠴᠢᠯᠡᠨ ᠰᠠᠶᠢᠵᠢᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠳᠠᠯᠠᠨ᠂ ᠣᠷᠳᠣ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠶ ᠵᠤᠶᠢᠯ ᠳᠤ ᠣᠷᠳᠣ ᠬᠤᠭᠤᠴᠠᠭᠠᠨ ᠤ ᠪᠦᠲᠦᠮᠵᠢᠲᠡᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠦᠨᠡᠨᠬᠦ ᠴᠢᠳᠠᠪᠤᠷᠢ ᠪᠠᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠠᠷᠠᠳᠴᠢᠯᠠᠯ  ᠠᠮᠢᠳᠤᠷᠠᠯ ᠤᠨ ᠬᠤᠷᠠᠯ ᠤᠨ ᠳᠠᠷᠠᠭᠠᠬᠢ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠳᠠᠭᠤᠷᠢᠶᠠᠯ ᠦᠵᠡᠬᠦᠯᠬᠦ ᠬᠡᠷᠡᠭᠳᠠᠢ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠᠴᠢᠯᠠᠭᠰᠠᠨ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠰᠠᠭᠤᠷᠢᠨ᠂ ᠬᠤᠶᠠᠷ ᠬᠠᠯᠬᠠᠪᠴᠢ ᠪᠠ ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠵᠢᠯ ᠦᠢᠯᠡᠰ ᠢᠶᠠᠨ ᠰᠠᠶᠢᠲᠤᠷ ᠲᠥᠯᠥᠪᠯᠡᠵᠦ᠂ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠤᠨ᠂ ᠰᠥᠨᠢᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠬᠡᠷᠡᠭᠲᠡᠶ ᠬᠡᠪᠡ᠃        ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠵᠦ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠳᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号