ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠲᠠᠪᠢᠨ ᠶᠢᠰᠦᠳᠦᠭᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/9
      2 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠢᠨ ᠶᠢᠰᠦᠳᠦᠭᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠰᠢᠯᠢ ᠶᠢᠨ ᠭᠤᠤᠯ ᠠᠶᠢᠮᠠᠭ ᠤᠨ ᠨᠡᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠨᠡᠶᠢᠬᠡᠮ ᠤᠨ ᠠᠮᠦᠷ ᠲᠣᠭᠲᠠᠭᠤᠨ ᠢ ᠬᠠᠮᠠᠭᠠᠯᠠᠬᠤ ᠠᠵᠢᠯ ᠢ ᠲᠤᠰᠬᠠᠶ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠵᠦ ᠭᠠᠷᠭᠠᠭᠰᠠᠨ ᠨᠢ᠄ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠦᠨᠴᠦ‌ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠪᠤᠯᠤᠨ᠎ᠠ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠨᠡᠶᠢᠬᠡᠮ ᠤᠨ ᠠᠮᠦᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ  ᠨᠢ ᠬᠠᠷᠢᠭᠤᠴᠠᠯᠭ᠎ᠠ ᠬᠦᠨᠳᠦ ᠮᠦᠷᠳᠡᠬᠡᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠬᠡᠯᠡᠨ᠂ ᠢᠳᠡᠪᠬᠢᠲᠡᠢ ᠠᠵᠢᠯᠯᠠᠵᠤ᠂ ᠨᠡᠶᠢᠬᠡᠮ ᠤᠨ ᠠᠮᠦᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ︽ᠲᠦᠷᠪᠡ ᠵᠢ‌ᠡᠭᠦᠰᠭᠡᠬᠦ ᠦᠬᠡᠢ ᠪᠠᠶᠢᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠬᠡᠪᠡ᠃       ᠬᠤᠷᠠᠯ ᠠᠴᠠ ᠱᠠᠭᠠᠷᠳᠠᠭᠰᠠᠨ ᠨᠢ᠄ ᠡᠯ᠎ᠡ ᠰᠤᠮᠤ ᠪᠠᠯᠭᠠᠰᠦ᠂ ᠡᠯ᠎ᠡ ᠰᠠᠯᠠᠭ᠎ᠠ ᠮᠥᠴᠢᠷ ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠡᠢᠳᠪᠦᠷᠢᠯᠡᠬᠦ᠂ ᠠᠶᠤᠯᠭᠦᠶ ᠦᠢᠯᠡᠳᠪᠦᠷᠢᠯᠡᠯ᠂ ᠨᠡᠶᠢᠭᠡᠮ ᠤᠨ ᠲᠠᠯ᠎ᠠ  ᠠᠴᠠ ᠬᠠᠮᠢᠶᠠᠷᠤᠨ ᠡᠵᠡᠮᠳᠡᠬᠦ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠬᠠᠭᠤᠯᠤᠨ ᠵᠢᠯᠣᠭᠤᠳᠬᠤ ᠵᠡᠷᠭᠡ ᠡᠯ᠎ᠡ ᠵᠤᠶᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠲᠣᠭᠲᠠᠭᠤᠨ ᠪᠠᠶᠢᠯᠭᠠᠬᠤ︾ ᠶᠢ ᠲᠡᠷᠢᠭᠦᠨ ᠳᠤ ᠲᠠᠯᠪᠢᠨ᠂ ᠡᠯ᠎ᠡ ᠵᠤᠶᠢᠯ  ᠤᠨ ᠠᠷᠭ᠎ᠠ ᠬᠡᠮᠵᠢᠶ᠎ᠡ‌‍ᠶᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠦ᠂ ᠪᠥᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠬᠡᠪᠡ᠃       ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠤᠯ ᠤᠳᠤᠷᠢᠳᠤᠯᠭ᠎ᠠ᠂ ᠵᠠᠰᠠᠭ ᠤᠨ ᠣᠷᠳᠣᠨ ᠤ ᠡᠯ᠎ᠡ ᠳᠡᠳ᠋ ᠳᠠᠷᠤᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠬᠤᠰᠢᠭᠤ ᠵᠢᠭᠠᠨ‌ᠵᠢᠯᠣᠭᠤᠳᠬᠤ ᠭᠠᠵᠠᠷ ᠤᠨ ᠡᠯ᠎ᠡ ᠱᠠᠯᠠᠪᠳᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号