ᠰᠥᠨᠢᠳ ᠵᠡᠭᠦᠨ ᠬᠤᠰᠢᠭᠤ᠄ ᠣᠷᠣᠨ ᠨᠤᠲᠤᠭ ᠤᠨ ᠡᠭᠦᠯᠳᠡᠷ ᠢ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠶᠢ ᠤᠶᠠᠯᠳᠤᠭᠤᠯᠵᠦ ᠣᠲᠣ ᠦᠶ᠎ᠡ ᠶᠢᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/3/9
      ᠰᠥᠨᠢᠳ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ 2022 ᠣᠨ ᠳᠤ ᠰᠥᠨᠢᠳ ᠵᠡᠭᠦᠨ ᠬᠤᠰᠢᠭᠤ᠂ ᠰᠥᠨᠢᠳ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠡᠬᠢᠯᠡᠨ ᠬᠡᠷᠡᠭᠵᠢᠭᠦᠯᠵᠦ᠂ ᠲᠥᠷᠥᠯ ᠵᠤᠶᠢᠯ ᠤᠨ ᠬᠡᠷᠡᠭᠵᠢᠭᠦᠯᠦᠯᠲᠡ ᠨᠢ ᠮᠣᠩᠭᠤᠯ ᠦᠬᠡᠷ ᠤᠨ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃       ᠰᠤᠷᠪᠤᠯᠵᠢᠯᠠᠭᠴᠢ᠂ ᠰᠥᠨᠢᠳ  ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠰᠠᠭᠤᠷᠢᠨ ᠭᠠᠵᠠᠷ ᠲᠤ ᠬᠦᠷᠬᠦ ᠳᠤ᠂ ᠨᠢᠭᠡ ᠪᠦᠯᠦᠭ ᠬᠦᠳᠡᠷ ᠴᠢᠭᠢᠷᠠᠭ ᠪᠡᠶ᠎ᠡ ᠲᠠᠢ ᠂ ᠬᠦᠷᠡᠩ ᠥᠩᠭᠡ ᠲᠠᠢ ᠮᠣᠩᠭᠤᠯ ᠦᠬᠡᠷ ᠡᠪᠡᠰᠦ ᠢᠳᠡᠵᠦ ᠪᠠᠶᠢᠯ᠎ᠠ᠃ ᠮᠣᠩᠭᠤᠯ ᠦᠬᠡᠷ ᠬᠦᠢᠲᠡᠨ ᠳᠤ ᠳᠠᠭᠠᠭᠠᠮᠠᠭᠠᠶ ᠂  ᠡᠪᠡᠰᠦ ᠪᠡᠯᠴᠢᠬᠡᠷ ᠳᠤ ᠭᠠᠮᠳᠠᠢ᠂ ᠡᠪᠡᠳᠴᠢᠨ  ᠬᠢᠵᠢᠭ‌ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠵᠡᠷᠭᠡ ᠣᠨᠴᠠᠯᠢᠭ ᠲᠠᠢ ᠪᠥᠭᠡᠳ ᠮᠢᠬ᠎ᠠ᠂ ᠰᠦ ᠵᠡᠷᠭᠡ ᠨᠢ ᠤᠯᠠᠨ ᠵᠦᠢᠯ ᠤᠨ ᠬᠡᠷᠡᠭᠴᠡᠭᠡ ᠲᠠᠢ ᠪᠠᠶᠢᠳᠠᠭ᠃       ᠰᠥᠨᠢᠳ ᠵᠡᠭᠦᠨ ᠬᠤᠰᠢᠭᠤᠨ ᠤ ᠬᠤᠶᠢᠲᠤ ᠬᠡᠰᠡᠭ ᠤᠨ ᠭᠠᠵᠠᠷ ᠣᠷᠣᠨ ᠤ ᠠᠭᠤᠷ ᠠᠮᠢᠰᠬᠤᠯ ᠭᠠᠩ ᠬᠠᠭᠤᠷᠠᠶ᠂ ᠬᠤᠷ᠎ᠠ ᠲᠣᠨᠣᠳᠠᠰᠤ  ᠪᠠᠭ᠎ᠠ᠂ ᠤᠯᠠᠷᠢᠯ ᠤᠨ ᠴᠢᠨᠠᠷᠲᠠᠶ ᠳᠤᠯᠠᠭᠠᠨ ᠤ ᠵᠥᠷᠢᠶ᠎ᠡ ᠶᠡᠭᠡ᠂ ᠪᠠᠶᠢᠭᠠᠯᠢ ᠶᠢᠨ ᠪᠡᠯᠴᠢᠬᠡᠷ ‍ᠤᠨ‌ᠨᠥ᠋ᠬᠦᠴᠡᠯ ᠪᠠᠷᠤᠭᠲᠠᠶ ᠪᠣᠯᠬᠤᠷ ᠰᠥᠨᠢᠳ ᠮᠣᠩᠭᠤᠯ ᠦᠬᠡᠷ ᠲᠡᠵᠢᠭᠡᠨ ᠦᠷᠡᠵᠢᠭᠦᠯᠬᠦ ᠶᠢ ᠲᠡᠯᠬᠡᠷᠡᠬᠦᠯᠬᠦ ᠪᠠᠷ ᠳᠡᠮᠵᠢᠨ᠂ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠤᠨ ᠡᠷᠴᠢᠮ ᠢ ᠪᠦᠲᠦᠮᠵᠢᠲᠡᠶ ᠪᠠᠭᠤᠷᠠᠭᠤᠯᠵᠤ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠠᠷᠪᠢᠯᠠᠨ᠂ ᠮᠠᠯ ᠠᠵᠤ ᠠᠬᠤᠶ ᠶᠢᠨ ᠡᠵᠡᠩᠨᠡᠯᠲᠡ ᠶᠢᠨ ᠦᠷ᠎ᠡ ᠠᠰᠢᠭ ᠢ ᠲᠡᠬᠡᠭᠰᠢᠯᠡᠬᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠪᠣᠯᠤᠨ᠎ᠠ᠃       ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠰᠥᠨᠢᠳ  ᠮᠣᠩᠭᠤᠯ ᠦᠬᠡᠷ ᠪᠡᠶ᠎ᠡ ᠳᠠᠬᠢ ᠴᠢᠬᠤᠯᠠ ᠬᠡᠷᠡᠭᠴᠡᠭᠡᠨ ᠤ ᠰᠢᠪᠲᠦᠷᠲᠦ ᠬᠦᠴᠢᠯ᠂ ᠦᠨᠦᠷ ᠠᠮᠲᠠ ᠶᠢᠨ ᠰᠢᠪᠲᠦᠷᠲᠦ ᠬᠦᠴᠢᠯ ᠪᠠ ᠴᠢᠳᠠᠮᠵᠢ ᠶᠢᠨ ᠴᠢᠨᠠᠷᠲᠠᠶ ᠥᠭᠡᠬᠦᠨ ᠬᠦᠴᠢᠯ ᠵᠡᠷᠭᠡ ᠴᠢᠬᠤᠯᠠ ᠰᠢᠮ᠎ᠡ ᠲᠡᠵᠢᠭᠡᠯᠲᠦ ᠪᠣᠳᠠᠰ ᠨᠢ ᠴᠥᠮ ᠧᠦ᠋ᠷᠣᠫᠠ ᠶᠢᠨ ᠡᠭᠦᠯᠳᠡᠷ ᠤᠨ ᠦᠬᠡᠷ ᠤᠨ ᠬᠢ ᠠᠴᠠ ᠥᠨᠳᠥᠷ ᠪᠠᠶᠢᠵᠤ᠂ ᠳᠡᠭᠡᠳᠦ ᠲᠠᠰ ᠤᠨ᠂ ᠡᠷᠡᠭᠦᠯ ᠴᠢᠭᠢᠷᠠᠭ᠂ ᠪᠣᠬᠢᠷᠲᠤᠯ ᠥᠬᠡᠶ ᠨᠠᠷᠠᠲᠤ ᠲᠡᠮᠳᠡᠭᠲᠦ ᠦᠢᠯᠡᠳᠬᠦᠨ ᠦᠢᠯᠡᠳᠪᠦᠷᠢᠯᠡᠬᠦ ᠳᠤ ᠲᠤᠬᠢᠷᠠᠳᠠᠭ ᠪᠠᠶᠢᠨ᠎ᠠ᠃ ᠣᠶᠢᠯᠠᠭᠠᠭᠰᠠᠨ ᠢᠶᠠᠷ᠂ ᠰᠥᠨᠢᠳ  ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠰᠠᠭᠤᠷᠢᠨ ᠭᠠᠵᠠᠷ ᠤᠨ ᠶᠡᠷᠦᠩᠬᠡᠶ ᠪᠠᠯᠠ ᠣᠷᠣᠭᠤᠯᠤᠯᠲᠠ 3226 ᠲᠦᠮᠡᠨ ᠲᠥᠭᠦᠷᠢᠭ ᠲᠤ ᠬᠦᠷᠴᠦ᠂ ᠰᠠᠭᠤᠷᠢᠨ ᠭᠠᠵᠠᠷ ᠨᠢ ᠬᠢᠯᠢ ᠶᠢᠨ 5 ᠰᠤᠮᠤᠨ ᠤ 50 ᠮᠤᠩᠭᠤᠯ ᠦᠬᠡᠷ ᠦᠷᠡᠵᠢᠭᠦᠯᠦᠨ ᠪᠤᠶᠢᠵᠢᠭᠤᠯᠬᠤ ᠡᠷᠦᠬᠡ ᠲᠠᠢ ᠬᠤᠯᠪᠣᠭᠠᠯᠠᠨ᠂ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠣᠨ ᠢ ᠪᠠᠶᠢᠭᠤᠯᠤᠭᠰᠠᠨ ᠪᠠᠶᠢᠨ᠎ᠠ᠃         2019 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠦᠬᠡᠷ ᠤᠨ ᠡᠭᠦᠯᠳᠡᠷ ᠬᠠᠮᠠᠭᠠᠯᠠᠬᠤ ᠲᠠᠯᠠᠪᠠᠶ ᠪᠠᠷ ᠦᠨᠡᠯᠡᠭᠳᠡᠵᠦ 2022 ᠣᠨ ᠳᠤ᠂ ᠰᠥᠨᠢᠳ ᠵᠡᠭᠦᠨ ᠬᠤᠰᠢᠭᠤᠨ ᠤ ᠠᠯᠠᠰᠢᠨ ᠦᠬᠡᠷ ᠤᠨ ᠲᠤᠭ᠎ᠠ 18.2 ᠲᠦᠮᠡ ᠳᠤ ᠬᠦᠷᠴᠦ᠂ ᠡᠭᠦᠨ ᠳᠤ ᠮᠣᠩᠭᠤᠯ ᠦᠬᠡᠷ 1.78 ᠲᠦᠮᠡ ᠪᠠᠶᠢᠵᠤ᠂ 1.1 ᠲᠦᠮᠡᠨ ᠦᠨᠢᠶ᠎ᠡ ᠶᠢ ᠲᠡᠵᠢᠬᠡᠨ‌ᠦᠷᠡᠵᠢᠭᠦᠯᠵᠦ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号