ᠰᠥᠨᠢᠳ ᠵᠡᠭᠦᠨ ᠬᠤᠰᠢᠭᠤ᠄ ᠭᠠᠶᠢᠯᠢ ᠶᠢᠨ ᠦᠢᠯᠡᠰ ᠡᠷᠭᠢᠯᠡᠬᠦ ᠵᠠᠮ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠨᠠᠩ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/3/9
       ᠣᠶᠢᠷ᠎ᠠ ᠶᠢᠨ ᠵᠢᠯ  ᠳᠤ᠂ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠡᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ ᠭᠠᠶᠢᠯᠢ ᠲᠤᠰᠢᠶᠠᠭᠴᠢ ᠪᠠᠷ ᠭᠤᠤᠯ ᠪᠣᠯᠭᠠᠭᠰᠠᠨ ᠦᠢᠯᠡᠴᠢᠯᠡᠬᠡᠨ ᠤ ᠣᠶᠢᠯᠠᠭᠠᠭᠳᠠᠬᠤᠨ ᠢᠶᠠᠷ᠂ ︽ᠭᠠᠶᠢᠯᠢ  ᠶᠢᠨ ᠶᠠᠪᠤᠳᠠᠯ ᠤᠨ ᠠᠷᠠᠳ  ᠳᠤ ᠲᠦᠬᠦᠮ ᠦᠵᠡᠬᠦᠯᠬᠦ ᠠᠵᠢᠯᠯᠠᠭ᠎ᠠ︾ ᠶᠢ 10 ᠵᠢᠯ ᠳᠠᠷᠠᠭᠠᠯᠠᠨ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠣᠯᠠᠨ ᠲᠠᠯ᠎ᠠ ᠪᠠᠷ ᠬᠦᠴᠦᠯᠡᠨ ᠬᠢᠵᠦ ᠢᠷᠡᠭᠰᠡᠨ ᠪᠠᠶᠢᠨ᠎ᠠ᠃        2 ᠰᠠᠷ᠎ᠠ ᠶᠢᠨ 20 ᠤ ᠡᠳᠦᠷ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ  ᠶᠢᠨ ᠶᠠᠪᠤᠳᠠᠯ ᠤᠨ ᠠᠷᠠᠳ  ᠳᠤ ᠲᠦᠬᠦᠮ ᠦᠵᠡᠬᠦᠯᠬᠦ ᠠᠵᠢᠯᠯᠠᠭ᠎ᠠ︾  ᠪᠠᠷ ᠺᠠᠢ ᠳ᠋ᠠ ᠮᠠᠰᠢᠨ ᠲᠡᠷᠭᠡᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠠᠶᠢᠳᠠᠯ ᠢ ᠦᠨᠳᠦᠰᠦᠯᠡᠨ᠂ ᠭᠠᠶᠢᠯᠢ  ᠤᠨ ᠬᠤᠯᠪᠣᠭᠳᠠᠯ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠠᠵᠤ ᠠᠬᠤᠶᠢᠯᠠᠯ ᠤᠨ ᠡᠳ᠋ᠯᠡᠪᠡᠰᠦ ᠵᠣᠬᠢᠬᠤ ᠲᠥᠷᠥ ᠶᠢᠨ ᠪᠣᠳᠣᠯᠭ᠎ᠠ ᠶᠢᠨ ᠬᠠᠷᠭᠠᠯᠵᠠᠯ  ᠢ ᠪᠦᠷᠢᠨ ᠬᠦᠷᠳᠡᠬᠡᠭᠰᠡᠨ ᠪᠠᠶᠢᠨ᠎ᠠ᠃        ᠠᠷᠪᠠᠨ ᠵᠢᠯ ᠤᠨ ᠲᠤᠷᠰᠢ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠶᠢᠯᠢ ᠲᠤᠰᠢᠶᠠᠭᠴᠢ  ᠳᠤ ᠰᠠᠭᠤᠷᠢᠯᠠᠵᠤ᠂ ᠭᠠᠶᠢᠯᠢ ᠳᠤ ᠬᠤᠯᠪᠣᠭᠳᠠᠬᠤ ᠬᠡᠷᠡᠭᠴᠡᠭᠡ ᠪᠠᠷ ᠤᠳᠤᠷᠢᠳᠤᠮᠵᠢ ᠪᠤᠯᠭᠠᠨ᠂ ᠭᠠᠶᠢᠯᠢ ᠰᠦᠢᠳᠬᠡᠯ ᠤᠨ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ  ᠶᠢ ᠰᠠᠶᠢᠲᠤᠷ ᠬᠡᠷᠡᠭᠵᠢᠬᠦᠯᠦᠨ ᠂ ᠭᠠᠶᠢᠯᠢ  ᠶᠢᠨ ᠶᠠᠪᠤᠳᠠᠯ ᠤᠨ 191  ᠤᠨ ᠬᠡᠷᠡᠭ ᠤᠴᠢᠷ ᠢ ︽ᠨᠢᠭᠡ ᠯᠠ ᠤᠳᠠᠭ᠎ᠠ ᠪᠠᠷ ᠬᠦᠢᠴᠡᠳᠬᠡᠬᠦ︾᠂ 233 ᠬᠡᠷᠡᠭ ᠤᠴᠢᠷ ᠢ ︽ᠪᠥᠬᠦ ᠶᠠᠪᠤᠴᠠ  ᠪᠠᠷ ᠨᠢ ᠰᠦᠯᠵᠢᠶᠡᠨ ᠳᠡᠭᠡᠷ᠎ᠡ ᠬᠦᠢᠴᠡᠳᠬᠡᠬᠦ︾ ᠶᠢ ᠪᠡᠶᠡᠯᠡᠭᠦᠯᠵᠦ᠂ ᠠᠵᠦ ᠠᠬᠤᠶᠢᠯᠠᠯ ᠳᠤ ᠬᠠᠷᠭᠠᠯᠵᠠᠯ ᠲᠥᠬᠦᠮ ᠦᠵᠡᠬᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ  ᠦᠢᠯᠡᠰ ᠤᠨ ᠬᠥᠭᠵᠢᠯᠲᠡ ᠳᠤ ᠭᠠᠶᠢᠯᠢ ᠶᠢᠨ ᠶᠠᠪᠤᠳᠠᠯ ᠤᠨ ᠬᠦᠴᠦᠨ ᠢ ᠬᠠᠨᠳᠢᠪᠯᠠᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号