ᠢᠯᠡᠭᠦᠳᠡᠭᠰᠡᠨ᠂ ᠬᠤᠭᠤᠴᠠᠭ᠎ᠠ ᠨᠢ ᠬᠡᠲᠤᠷᠡᠭᠰᠡᠨ ᠡᠮ ᠢ ᠬᠡᠷᠬᠢᠨ ᠰᠢᠢᠳᠪᠤᠷᠢᠯᠡᠬᠦ ᠪᠤᠢ︖
ᠨᠡᠶᠢᠲᠡᠯᠡᠭᠰᠡᠨ ᠴᠠᠭ᠄
2023/6/15
        ᠤᠶᠢᠷ᠎ᠠ ᠶᠢᠨ ᠡᠳᠦᠷ᠂ ᠨᠢᠬᠡ ᠰᠠᠭᠤᠭᠠᠯᠢ ᠠᠷᠠᠳ ᠶᠡᠭᠡ ᠬᠡᠮᠵᠢᠶᠡᠨ ᠤ ᠬᠠᠯᠠᠭᠤᠨ ᠢ ᠪᠠᠭᠤᠷᠠᠭᠤᠯᠬᠤ ᠡᠮ ᠎ ᠢ ᠪᠤᠰᠤᠳ ᠡᠮ ᠤᠨ ᠵᠤᠶᠢᠯ ᠲᠠᠢ ᠬᠠᠮᠲᠤ ᠳᠤᠨᠢ ᠰᠠᠭᠤᠭᠠᠯᠢ ᠠᠷᠠᠳ ᠤᠨ ᠠᠰᠠᠷ ᠤᠨ ᠬᠤᠭ ᠤᠨ ᠰᠠᠪᠠᠨ ᠳᠤ ᠬᠠᠶᠠᠵᠤ ᠪᠠᠶᠢᠭ᠎ᠠ ᠸᠢᠳᠢᠤ᠋ ᠰᠦᠯᠵᠢᠶᠡᠴᠢᠳ ᠤᠨ ᠠᠩᠬᠠᠷᠤᠯ ᠢ ᠳᠠᠲᠠᠵᠠᠢ᠃ ᠡᠬᠦᠨ ᠠᠴᠠ ᠭᠠᠳᠠᠨ᠎ᠠ᠂ ᠪᠠᠰᠠ ᠵᠠᠷᠢᠮ ᠰᠦᠯᠵᠢᠶᠡᠨ ᠠᠨᠳᠠ ᠠᠴᠠ ᠦᠪᠡᠷ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠡᠮ ᠨᠢ ᠤᠷᠤᠶᠢᠲᠠᠵᠤ ᠬᠦᠷᠦᠭᠰᠡᠨ ᠠᠴᠠ ᠬᠡᠷᠡᠭᠯᠡᠭᠡ ᠪᠠᠨ ᠠᠯᠳᠠᠵᠤ᠂ ᠶᠠᠭᠠᠬᠢᠵᠤ ᠰᠢᠢᠳᠪᠤᠷᠢᠯᠡᠬᠦ ᠪᠠᠨ ᠮᠡᠳᠡᠬᠦ ᠦᠬᠡᠢ ᠪᠠᠶᠢᠨ᠎ᠠ ᠬᠡᠵᠤ ᠲᠤᠰᠬᠠᠵᠤ ᠪᠤᠢ᠃ ᠢᠯᠡᠬᠦᠴᠡ ᠡᠮ ᠢ ᠬᠤᠳᠠᠯᠳᠤᠵᠤ ᠪᠤᠯᠬᠤ ᠤᠤ︖ ᠬᠤᠭᠤᠴᠠᠭ᠎ᠠ ᠨᠢ ᠬᠡᠲᠤᠷᠡᠭᠰᠡᠨ ᠡᠮ ᠢ ᠳᠤᠷ᠎ᠠ ᠎ ᠪᠠᠷ ᠬᠠᠶᠠᠵᠤ ᠪᠤᠯᠬᠤ ᠤᠤ︖ ᠡᠮ ᠢ ᠬᠡᠷᠬᠢᠨ ᠰᠢᠢᠳᠪᠤᠷᠢᠯᠡᠪᠡᠯ ᠨᠡᠩ ᠲᠤᠬᠢᠷᠠᠮᠵᠢᠲᠠᠢ ᠪᠤᠢ︖ ᠬᠡᠬᠦ ᠮᠡᠲᠤ ᠤᠯᠠᠨ ᠲᠠᠯ᠎ᠠ ᠶᠢᠨ ᠠᠰᠠᠭᠤᠳᠠᠯ ᠨᠢ ᠬᠦᠮᠦᠰ ᠤᠨ ᠠᠩᠬᠠᠷᠤᠯ ᠳᠤ ᠦᠷᠲᠦᠬᠡᠳ ᠪᠠᠶᠢᠳᠠᠭ᠃         ᠡᠩ ᠲᠦᠷᠦᠬᠦᠨ ᠳᠤ᠂ ᠬᠤᠪᠢ ᠬᠦᠮᠦᠨ ᠡᠮ ᠤᠨ ᠵᠤᠶᠢᠯ ᠢ ᠰᠢᠯᠵᠢᠬᠦᠯᠦᠨ ᠬᠤᠳᠠᠯᠳᠤᠪᠠᠯ ᠬᠠᠤᠯᠢ ᠠᠴᠠ ᠵᠦᠷᠢᠴᠡᠵᠤ ᠮᠡᠳᠡᠨ᠎ᠡ᠃ ᠡᠮ ᠪᠤᠯ ᠤᠨᠴᠠᠭᠠᠢ ᠲᠠᠸᠠᠷ᠂ ᠵᠦᠪ ᠬᠡᠷᠡᠭᠯᠡᠪᠡᠯ ᠡᠪᠡᠳᠴᠢᠨ ᠵᠠᠰᠠᠵᠤ᠂ ᠵᠤᠬᠢᠰ ᠦᠬᠡᠢ ᠬᠡᠷᠡᠭᠯᠡᠪᠡᠯ ᠡᠷᠡᠭᠦᠯ ᠮᠡᠨᠳᠦ ᠳᠤ ᠬᠤᠤᠷ ᠬᠦᠨᠦᠬᠡᠯ ᠤᠴᠠᠷᠠᠭᠤᠯᠵᠤ᠂ ᠴᠢᠨᠠᠭᠰᠢᠯᠠᠪᠠᠯ ᠠᠮᠢ ᠨᠠᠰᠤᠨ ᠳᠤ ᠴᠦ ᠬᠤᠤᠷ ᠬᠦᠨᠦᠬᠡᠯ ᠤᠴᠠᠷᠠᠭᠤᠯᠳᠠᠭ᠃ ᠵᠢᠱᠢᠶᠡᠯᠡᠪᠡᠯ᠂ ᠵᠤᠷ ᠤᠨ ᠡᠮ ᠨᠢ ᠬᠦᠮᠦᠨ ᠤ ᠪᠡᠶ᠎ᠡ ᠳᠤ ᠨᠢᠭᠤᠭᠳᠠᠮᠠᠯ ᠠᠶᠤᠯ ᠤᠴᠠᠷᠠᠭᠤᠯᠵᠤ ᠮᠡᠳᠡᠬᠦ ᠪᠤᠯᠬᠤᠷ ᠡᠷᠬᠡᠪᠰᠢ ᠡᠮᠴᠢ ᠠᠴᠠ ᠵᠤᠷ ᠪᠢᠴᠢᠵᠤ ᠦᠭᠬᠦᠭᠰᠡᠨ ᠤ ᠰᠡᠭᠦᠯᠡᠷ ᠰᠠᠶ᠋ᠢ ᠬᠤᠳᠠᠯᠳᠤᠵᠤ ᠪᠤᠯᠤᠨ᠎ᠠ᠃ ᠬᠤᠪᠢ ᠬᠦᠮᠦᠨ ᠵᠤᠷ ᠤᠨ ᠡᠮ ᠢ ᠰᠢᠯᠵᠢᠬᠦᠯᠦᠨ ᠬᠤᠳᠠᠯᠳᠤᠪᠠᠯ᠂ ᠡᠪᠡᠳᠴᠢᠲᠡᠨ ᠬᠡᠷᠡᠭᠯᠡᠭᠡᠳ ᠠᠮᠤᠷ ᠳᠦᠪᠰᠢᠨ ᠤ ᠲᠦᠭᠰᠢᠬᠦᠷᠢ ᠤᠴᠠᠷᠠᠵᠤ ᠮᠡᠳᠡᠨ᠎ᠡ᠃ ᠮᠠᠨ ᠤ ᠤᠯᠤᠰ ᠤᠨ ᠡᠮ ᠤᠨ ᠬᠠᠮᠢᠶᠠᠷᠤᠯᠳᠠ ᠶᠢᠨ ᠬᠠᠤᠯᠢ ᠳᠤ ᠲᠤᠭᠲᠠᠭᠠᠭᠰᠠᠨ ᠢᠶᠠᠷ᠂ ᠡᠮ ᠤᠨ ᠵᠤᠶᠢᠯ ᠢ ᠪᠤᠷᠤᠯᠠᠭᠤᠯᠬᠤ ᠳᠠᠭᠠᠨ ︽ᠡᠮ ᠤᠨ ᠵᠤᠶᠢᠯ ᠢ ᠦᠢᠯᠡᠳᠪᠤᠷᠢᠯᠡᠬᠦ ᠵᠦᠪᠰᠢᠶᠡᠷᠡᠯ ᠤᠨ ᠦᠨᠡᠮᠯᠡᠯ︾᠃ ︽ᠡᠮ ᠤᠨ ᠵᠤᠶᠢᠯ ᠢ ᠡᠵᠡᠩᠨᠡᠬᠦ ᠵᠦᠪᠰᠢᠶᠡᠷᠡᠯ ᠤᠨ ᠦᠨᠡᠮᠯᠡᠯ︾ ᠪᠤᠶᠤ ︽ᠡᠮ ᠡᠮᠨᠡᠯᠬᠡ ᠶᠢᠨ ᠪᠠᠶᠢᠭᠤᠯᠤᠮᠵᠢ ᠶᠢᠨ ᠡᠮ ᠨᠠᠶᠢᠷᠠᠭᠤᠯᠬᠤ ᠵᠦᠪᠰᠢᠶᠡᠷᠡᠯ ᠤᠨ ᠦᠨᠡᠮᠯᠡᠯ︾᠎ ᠢ ᠤᠯᠬᠤ ᠬᠡᠷᠡᠭᠲᠡᠢ᠃ ᠬᠤᠪᠢ ᠬᠦᠮᠦᠨ ᠵᠦᠪᠰᠢᠶᠡᠷᠡᠯ ᠤᠨ ᠦᠨᠡᠮᠯᠡᠯ ᠦᠬᠡᠢ ᠪᠠᠷ ᠡᠮ ᠤᠨ ᠵᠤᠶᠢᠯ ᠢ ᠳᠠᠮᠵᠢᠭᠤᠯᠤᠨ ᠬᠤᠳᠠᠯᠳᠤᠬᠤ ᠨᠢ ᠡᠮ ᠪᠤᠷᠤᠯᠠᠭᠤᠯᠬᠤ ᠠᠵᠢᠯᠯᠠᠭ᠎ᠠ ᠳᠤ ᠲᠤᠭᠠᠴᠢᠭᠳᠠᠵᠤ᠂ ᠬᠠᠤᠯᠢ ᠠᠴᠠ ᠵᠦᠷᠢᠴᠡᠬᠦ ᠰᠡᠵᠢᠭᠯᠡᠯᠲᠡᠢ᠃         ᠳᠠᠬᠢᠪᠠᠯ᠂ ᠬᠠᠶᠠᠭᠳᠠᠮᠠᠯ ᠡᠮ ᠨᠢ ᠠᠶᠤᠯᠲᠠᠢ ᠬᠠᠶᠠᠭᠳᠠᠮᠠᠯ ᠡᠳ᠋ ᠲᠤ ᠬᠠᠷᠢᠶᠠᠯᠠᠭᠳᠠᠨ᠎ᠠ᠃ ︽ᠤᠯᠤᠰ ᠤᠨ ᠠᠶᠤᠯᠲᠠᠢ ᠬᠠᠶᠠᠭᠳᠠᠮᠠᠯ ᠡᠳ᠋ ᠤᠨ ᠨᠡᠷᠡᠰ ᠤᠨ ᠵᠢᠭᠰᠠᠭᠠᠯᠲᠠ︾᠎ ᠳᠤ᠂ ᠦᠢᠯᠡᠳᠪᠤᠷᠢᠯᠡᠬᠦ᠂ ᠪᠤᠷᠤᠯᠠᠭᠤᠯᠬᠤ ᠵᠢᠴᠢ ᠬᠡᠷᠡᠭᠯᠡᠬᠦ ᠶᠠᠪᠤᠴᠠ ᠳᠤ ᠪᠤᠢ ᠪᠤᠯᠤᠭᠰᠠᠨ ᠬᠤᠭᠤᠴᠠᠭ᠎ᠠ ᠨᠢ ᠬᠡᠲᠤᠷᠡᠭᠡᠳ ᠬᠦᠴᠦᠨ ᠦᠬᠡᠢ ᠪᠤᠯᠤᠭᠰᠠᠨ ᠡᠮ ᠤᠨ ᠵᠤᠶᠢᠯ ᠨᠢ ᠠᠶᠤᠯᠲᠠᠢ ᠬᠠᠶᠠᠭᠳᠠᠮᠠᠯ ᠡᠳ᠋ ᠲᠤ ᠬᠠᠷᠢᠶᠠᠯᠠᠭᠳᠠᠨ᠎ᠠ ᠬᠡᠵᠤ ᠲᠤᠳᠤᠷᠬᠠᠢ ᠲᠤᠭᠲᠠᠭᠠᠵᠠᠢ᠃ ᠵᠤᠩᠭᠢᠯᠠᠬᠤ ᠲᠤᠭᠠᠨ ᠤ ᠡᠸᠦ᠋ᠷᠤᠫᠡ ᠡᠮ ᠪᠤᠯ ᠴᠦᠮ ᠬᠢᠮᠢ ᠶᠢᠨ ᠨᠡᠶᠢᠯᠡᠮᠡᠯ ᠡᠮ ᠮᠦᠨ᠂ ᠳᠤᠷ᠎ᠠ ᠪᠠᠷ ᠬᠠᠶᠠᠭᠰᠠᠨ ᠤ ᠰᠡᠬᠦᠯᠡᠷ᠂ ᠲᠡᠬᠦᠨ ᠤ ᠳᠤᠳᠤᠷᠠᠬᠢ ᠬᠢᠮᠢ ᠶᠢᠨ ᠪᠤᠳᠠᠰ ᠨᠢ ᠬᠦᠷᠦᠰᠤ ᠰᠢᠷᠤᠢ᠂ ᠠᠭᠠᠷ ᠮᠠᠨᠳᠠᠯ ᠪᠠ ᠤᠰᠤᠨ ᠴᠤᠭᠴᠠ ᠶᠢ ᠪᠤᠬᠢᠷᠳᠤᠭᠤᠯᠵᠤ ᠮᠡᠳᠡᠬᠦ ᠪᠦᠬᠡᠳ ᠴᠢᠨᠠᠭᠰᠢᠳᠠ ᠬᠦᠮᠦᠨ ᠤ ᠪᠡᠶ᠎ᠡ ᠪᠠ ᠠᠮᠢᠲᠠᠨ ᠤ ᠡᠷᠡᠬᠦᠯ ᠮᠡᠨᠳᠤ ᠶᠢ ᠰᠦᠷᠳᠡᠭᠦᠯᠳᠡᠭ᠃ ᠵᠢᠱᠢᠶᠡᠯᠡᠪᠡᠯ᠂ ᠠᠨᠲ᠋ᠢᠪᠢᠤᠲ᠋ᠢᠺ ᠤᠨ ᠲᠦᠷᠦᠯ ᠤᠨ ᠡᠮ ᠠᠮᠠᠷᠬᠠᠨ ᠵᠠᠳᠠᠷᠠᠵᠤ ᠳᠡᠶᠢᠯᠬᠦ ᠦᠬᠡᠢ᠂ ᠠᠮᠠᠷᠬᠠᠨ ᠤᠰᠤᠨ ᠴᠤᠭᠴᠠ ᠳᠤ ᠤᠷᠤᠵᠤ᠂ ᠠᠳᠡᠭᠦᠷᠡᠨ ᠤᠤᠭᠤᠪᠠᠯ ᠬᠤᠤᠷᠳᠠᠭᠳᠠᠵᠤ ᠮᠡᠳᠡᠨ᠎ᠡ᠃ ᠡᠮ ᠤᠨ ᠵᠤᠶᠢᠯ ᠎ ᠤᠨ ᠬᠤᠭᠤᠴᠠᠭ᠎ᠠ ᠨᠢ ᠦᠩᠭᠡᠷᠡᠭᠰᠡᠨ ᠤ ᠳᠠᠷᠠᠭ᠎ᠠ ᠡᠮ ᠤᠨ ᠦᠢᠯᠡᠳᠦᠯ ᠢᠯᠡᠳᠲᠡ ᠳᠤᠷᠤᠭᠰᠢᠯᠠᠵᠤ᠂ ᠵᠠᠷᠢᠮ ᠡᠮ ᠤᠨ ᠴᠢᠨᠠᠷ ᠨᠢ ᠬᠤᠪᠢᠷᠠᠵᠤ ᠸᠠᠯᠠᠭᠰᠠᠨ ᠨᠢ ᠦᠮᠡᠨ ᠡᠬᠦᠰᠬᠡᠬᠦ ᠪᠤᠳᠠᠰ ᠪᠤᠯᠵᠤ ᠮᠡᠳᠡᠨ᠎ᠡ᠂ ᠬᠡᠷᠪᠡ ᠬᠠᠤᠯᠢ ᠪᠤᠰᠤ ᠬᠤᠳᠠᠯᠳᠤᠭᠠᠴᠢᠳ ᠲᠠᠬᠢᠨ ᠪᠠᠭᠯᠠᠵᠤ ᠪᠤᠷᠤᠯᠠᠭᠤᠯᠪᠠᠯ᠂ ᠡᠪᠳᠴᠢᠲᠡᠨ ᠤ ᠡᠷᠡᠭᠦᠯ ᠮᠡᠨᠳᠦ ᠶᠢ ᠬᠦᠨᠳᠦ ᠨᠤᠴᠢᠲᠠᠢ ᠬᠤᠬᠢᠷᠠᠭᠤᠯᠳᠠᠭ᠃         ᠪᠢᠳᠡ ᠭᠡᠷ ᠪᠦᠯᠢ ᠶᠢᠨ ᠦᠯᠡᠳᠡᠭᠰᠡᠨ ᠡᠮ ᠲᠠᠩ᠂ ᠬᠤᠭᠤᠴᠠᠭ᠎ᠠ ᠨᠢ ᠦᠩᠭᠡᠷᠡᠭᠰᠡᠨ ᠡᠮ ᠢ ᠰᠢᠢᠳᠪᠤᠷᠢᠯᠡᠬᠦ ᠲᠠᠯ᠎ᠠ ᠪᠠᠷ ᠮᠦᠨ ᠯᠡ ᠬᠦᠴᠢᠷᠳᠡᠯ ᠲᠤᠯᠭᠠᠷᠠᠵᠤ ᠪᠠᠶᠢᠬᠤ ᠶᠢ ᠪᠠᠰᠠ ᠤᠯᠵᠤ ᠬᠠᠷᠠᠬᠤ ᠬᠡᠷᠡᠭᠲᠡᠢ᠃ ︽ᠳᠤᠮᠳᠠᠳᠤ ᠤᠯᠤᠰ ᠤᠨ ᠭᠡᠷ ᠪᠦᠯᠢ ᠶᠢᠨ ᠬᠤᠭᠤᠴᠠᠭ᠎ᠠ ᠨᠢ ᠬᠡᠲᠤᠷᠡᠭᠰᠡᠨ ᠡᠮ ᠢ ᠬᠤᠷᠢᠶᠠᠨ ᠠᠪᠬᠤ ᠴᠠᠭᠠᠨ ᠭᠠᠳᠠᠷᠲᠤ ᠪᠢᠴᠢᠭ︾᠎ ᠲᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ 78.6%᠎ ᠶᠢᠨ ᠭᠡᠷ ᠪᠦᠯᠢ ᠵᠢᠵᠢᠭ ᠡᠮ ᠤᠨ ᠬᠠᠶᠢᠷᠴᠠᠭ ᠲᠠᠢ᠂ ᠬᠠᠷᠢᠨ 80%᠎ ᠠᠴᠠ ᠳᠡᠭᠡᠭᠰᠢᠬᠢ ᠭᠡᠷ ᠪᠦᠯᠢ ᠡᠮ ᠤᠨ ᠬᠠᠶᠢᠷᠴᠠᠭ ᠢᠶᠠᠨ ᠲᠤᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠳᠠᠳᠬᠠᠯ ᠦᠬᠡᠢ᠂ ᠡᠬᠦᠨ ᠤ ᠤᠯᠠᠮ ᠠᠴᠠ ᠪᠦᠬᠦ ᠤᠯᠤᠰ ᠲᠤ ᠨᠢᠬᠡ ᠵᠢᠯ ᠤᠨ ᠬᠤᠭᠤᠴᠠᠭ᠎ᠠ ᠨᠢ ᠬᠡᠲᠤᠷᠡᠭᠰᠡᠨ ᠡᠮ ᠤᠨ ᠵᠤᠶᠢᠯᠡᠰ ᠪᠠᠷᠤᠭ 1.5 ᠲᠦᠮᠡᠨ ᠲᠤᠨ ᠭᠠᠷᠳᠠᠭ᠃ ᠤᠳᠤᠬᠠᠨ ᠳᠤ᠂ ᠵᠠᠷᠢᠮ ᠭᠠᠵᠠᠷ ᠤᠨ ᠡᠮ ᠤᠨ ᠵᠦᠢᠯᠡᠰ ᠢ ᠬᠤᠷᠢᠶᠠᠨ ᠠᠪᠬᠤ ᠴᠡᠭ ᠴᠦᠬᠡᠨ᠂ ᠢᠯᠡᠷᠬᠡᠢ ᠢᠯᠡᠳᠬᠡᠯ ᠲᠡᠮᠳᠡᠭ ᠲᠤᠳᠠᠭᠲᠠᠵᠤ ᠪᠠᠶᠢᠭ᠎ᠠ ᠪᠦᠬᠡᠳ ᠴᠦᠬᠡᠨ ᠪᠤᠰᠤ ᠬᠦᠮᠦᠰ ᠦᠯᠡᠳᠡᠭᠰᠡᠨ ᠡᠮ ᠤᠨ ᠵᠤᠶᠢᠯ ᠪᠤᠯᠤᠨ ᠬᠤᠭᠤᠴᠠᠭ᠎ᠠ ᠨᠢ ᠬᠡᠲᠤᠷᠡᠭᠰᠡᠨ ᠡᠮ ᠤᠨ ᠵᠤᠶᠢᠯ ᠢ ᠬᠡᠷᠬᠢᠨ ᠰᠡᠢᠳᠪᠤᠷᠢᠯᠡᠬᠦ ᠪᠠᠨ ᠮᠡᠳᠡᠬᠦ ᠦᠬᠡᠢ ᠪᠠᠶᠢᠨ᠎ᠠ᠃ ᠡᠬᠦᠨ ᠠᠴᠠ ᠦᠵᠡᠬᠦ ᠳᠤ᠂ ᠡᠮ ᠤᠨ ᠵᠦᠢᠯᠡᠰ ᠢ ᠡᠬᠡᠬᠦᠯᠦᠨ ᠬᠤᠷᠢᠶᠠᠬᠤ ᠠᠷᠭ᠎ᠠ ᠵᠠᠮ ᠢ ᠲᠡᠭᠦᠯᠳᠡᠷᠵᠢᠬᠦᠯᠬᠦ ᠨᠢ ᠵᠠᠩᠭᠢᠯᠠᠭ᠎ᠠ ᠪᠤᠯᠬᠤ ᠶᠢ ᠮᠡᠳᠡᠵᠤ ᠪᠤᠯᠤᠨ᠎ᠠ᠃         ᠭᠡᠷ ᠪᠦᠯᠢ ᠶᠢᠨ ᠡᠮ ᠤᠨ ᠵᠦᠢᠯᠡᠰ ᠢ ᠡᠭᠡᠬᠦᠯᠦᠨ ᠬᠤᠷᠢᠶᠠᠬᠤ ᠳᠤ᠂ ᠭᠤᠤᠯᠳᠠᠯᠭ᠎ᠠ ᠪᠠᠨ ᠰᠠᠭᠤᠭᠠᠯᠢ ᠲᠤᠭᠤᠷᠢᠭ ᠲᠤ ᠲᠠᠯᠪᠢᠬᠤ ᠬᠡᠷᠡᠭᠲᠡᠢ᠃ ᠤᠷᠤᠰᠢᠨ ᠰᠠᠭᠤᠭᠴᠢᠳ ᠲᠤ ᠠᠪᠴᠤ ᠬᠡᠯᠡᠪᠡᠯ ᠬᠡᠷᠡᠭ ᠦᠬᠡᠢ ᠡᠮ ᠢ ᠰᠢᠢᠳᠪᠤᠷᠢᠯᠡᠬᠦ ᠳᠤ ᠶᠠᠭᠤᠨ ᠤ ᠡᠮᠤᠨ᠎ᠡ ᠳᠦᠬᠦᠮ ᠦᠵᠡᠬᠦᠯᠬᠦ ᠬᠡᠷᠡᠭᠲᠡᠢ᠃ ᠵᠢᠱᠢᠶᠡᠯᠡᠪᠡᠯ᠂ ᠬᠤᠷᠢᠶᠠᠯᠠᠯ ᠤᠨ ᠬᠤᠭ ᠎ ᠤᠨ ᠰᠠᠪᠠ ᠶᠢᠨ ᠬᠠᠵᠠᠭᠤ ᠳᠤ ᠡᠮ ᠬᠤᠷᠢᠶᠠᠬᠤ ᠭᠠᠵᠠᠷ ᠪᠠᠶᠢᠭᠤᠯᠬᠤ ᠨᠢ ᠮᠠᠰᠢ ᠱᠠᠭᠠᠷᠳᠠᠯᠭ᠎ᠠ ᠲᠠᠢ ᠶᠤᠮ᠃ ᠡᠨᠡ ᠵᠢᠯ ᠤᠨ 1 ᠰᠠᠷ᠎ᠠ ᠳᠤ᠂ ᠦᠬᠠᠨ ᠬᠤᠲᠠ ᠶᠢᠨ ᠵᠢᠶᠠᠩ ᠠᠨ ᠲᠤᠭᠤᠷᠢᠭ 33 ᠵᠢᠱᠢᠶ᠎ᠡ ᠦᠵᠡᠬᠦᠯᠬᠦ ᠲᠤᠭᠤᠷᠢᠭ ᠲᠤ ᠬᠤᠭᠤᠴᠠᠭ᠎ᠠ ᠨᠢ ᠬᠡᠲᠤᠷᠡᠭᠰᠡᠨ ᠡᠮ ᠢ ᠬᠤᠷᠢᠶᠠᠨ ᠠᠪᠬᠤ ᠬᠠᠶᠢᠷᠴᠠᠭ ᠲᠠᠯᠪᠢᠵᠤ᠂ ᠰᠠᠭᠤᠭᠠᠯᠢ ᠠᠷᠠᠳ ᠤᠨ ᠭᠡᠷ ᠳᠤᠲᠤᠷᠠᠬᠢ ᠬᠤᠭᠤᠴᠠᠭ᠎ᠠ ᠨᠢ ᠬᠡᠲᠤᠷᠡᠭᠰᠡᠨ ᠡᠮ ᠢᠶᠠᠨ ᠰᠢᠢᠳᠪᠤᠷᠢᠯᠡᠬᠦ ᠳᠤ ᠳᠦᠬᠦᠮ ᠦᠵᠡᠬᠦᠯᠪᠡ᠃ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠪᠠᠰᠠ ᠡᠮ ᠤᠨ ᠠᠵᠤ ᠠᠬᠤᠶᠢᠯᠠᠯ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠺᠤᠮᠫᠠᠨᠢ ᠵᠡᠷᠭᠡ ᠲᠠᠢ ᠬᠠᠮᠲᠤᠷᠠᠨ᠂ ᠰᠠᠭᠤᠭᠠᠯᠢ ᠲᠤᠭᠤᠷᠢᠭ ᠲᠠᠭᠠᠨ ᠡᠮ ᠤᠨ ᠵᠦᠢᠯᠡᠰ ᠢ ᠬᠤᠷᠢᠶᠠᠨ ᠠᠪᠬᠤ ᠭᠠᠵᠠᠷ ᠢ ᠵᠤᠬᠢᠬᠤ ᠪᠠᠶᠢᠷᠢ ᠳᠤ ᠪᠠᠶᠢᠷᠢᠯᠠᠭᠤᠯᠵᠤ ᠪᠤᠯᠬᠤ ᠪᠦᠬᠡᠳ ᠲᠤᠰᠬᠠᠢ ᠬᠦᠮᠦᠨ ᠲᠤᠮᠢᠯᠠᠨ ᠨᠢᠬᠡᠳᠤᠯᠲᠡᠢ ᠡᠬᠡᠬᠦᠯᠦᠨ ᠬᠤᠷᠢᠶᠠᠭᠰᠠᠨ ᠤ ᠳᠠᠷᠠᠭ᠎ᠠ᠂ ᠲᠠᠬᠢᠨ ᠲᠦᠪᠯᠡᠷᠡᠬᠦᠯᠦᠨ ᠬᠤᠤᠷ ᠦᠬᠡᠢ ᠪᠤᠯᠭᠠᠨ ᠰᠢᠢᠳᠪᠤᠷᠢᠯᠡᠵᠤ ᠪᠤᠯᠤᠨ᠎ᠠ᠃         ᠡᠮ ᠤᠨ ᠳᠡᠯᠭᠡᠭᠦᠷ ᠪᠠ ᠡᠮᠴᠢᠯᠡᠬᠦᠨ ᠤ ᠪᠠᠶᠢᠭᠤᠯᠤᠮᠵᠢ ᠨᠢ ᠭᠡᠷ ᠪᠦᠯᠢ ᠶᠢᠨ ᠡᠮ ᠤᠨ ᠵᠦᠢᠯᠡᠰ ᠢ ᠬᠤᠷᠢᠶᠠᠨ ᠠᠪᠬᠤ ᠲᠠᠯ᠎ᠠ ᠪᠠᠷ ᠲᠤᠰᠬᠠᠢ ᠮᠡᠷᠭᠡᠵᠢᠯ ᠪᠠ ᠠᠷᠭ᠎ᠠ ᠵᠠᠮ ᠤᠨ ᠳᠠᠪᠠᠭᠤᠯᠢᠭ ᠲᠠᠢ ᠪᠠᠶᠢᠵᠤ᠂ ᠨᠡᠩ ᠶᠡᠭᠡ ᠦᠢᠯᠡᠳᠦᠯ ᠢ ᠪᠠᠳᠠᠷᠠᠭᠤᠯᠵᠤ ᠪᠤᠯᠤᠨ᠎ᠠ᠃ ᠰᠦᠵᠸᠤ ᠬᠤᠲᠠ ᠨᠢᠭᠡᠨᠲᠡ ᠤᠯᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠤᠯᠤᠨ ᠡᠮᠴᠢᠯᠡᠬᠡᠨ ᠤ ᠪᠠᠶᠢᠭᠤᠯᠤᠮᠵᠢ ᠳᠤ ᠬᠤᠭᠤᠴᠠᠭ᠎ᠠ ᠨᠢ ᠬᠡᠲᠤᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠴᠡᠭ ᠪᠠᠶᠢᠭᠤᠯᠤᠭᠰᠠᠨ ᠪᠦᠬᠡᠳ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠲᠤᠷᠠᠨ᠂ ᠬᠤᠤᠷ ᠦᠬᠡᠢ ᠪᠤᠯᠭᠠᠨ ᠨᠢᠬᠡᠲᠤᠯᠲᠠᠢ ᠰᠢᠢᠳᠪᠤᠷᠢᠯᠡᠬᠦ᠂ ᠨᠡᠯᠢᠶᠡᠳ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠮ ᠤᠨ ᠳᠡᠯᠬᠡᠬᠦᠷ ᠪᠤᠯᠤᠨ ᠡᠮᠨᠡᠯᠬᠡ ᠶᠢᠨ ᠬᠤᠷᠢᠶ᠎ᠠ ᠶᠢᠨ ᠢᠯᠡᠳᠲᠡ ᠪᠠᠶᠢᠷᠢᠨ ᠳᠤ ᠡᠮ ᠤᠨ ᠵᠦᠢᠯᠡᠰ ᠢ ᠬᠤᠷᠢᠶᠠᠨ ᠠᠪᠬᠤ ᠴᠡᠭ ᠪᠠᠶᠢᠭᠤᠯᠬᠤ ᠶᠢ ᠵᠤᠷᠢᠭᠵᠢᠭᠤᠯᠬᠤ ᠶᠢᠨ ᠬᠠᠮᠲᠤ ᠢᠯᠡ ᠢᠯᠡᠳᠬᠡᠯ ᠲᠡᠮᠳᠡᠭ᠂ ᠲᠤᠤᠷ ᠰᠦᠯᠵᠢᠶ᠎ᠡ ᠶᠢᠨ ᠭᠠᠵᠠᠷ ᠤᠨ ᠵᠢᠷᠤᠭ ᠵᠡᠷᠭᠡ ᠠᠷᠭ᠎ᠠ ᠮᠠᠶ᠋ᠢᠭ ᠢᠶᠠᠷ ᠭᠠᠵᠠᠷ ᠵᠦᠢ ᠶᠢᠨ ᠪᠠᠶᠢᠷᠢᠰᠢᠯ ᠢ ᠨᠡᠶᠢᠲᠡᠯᠡᠵᠤ᠂ ᠤᠯᠠᠨ ᠲᠦᠮᠡᠨ ᠤ ᠠᠪᠠᠴᠢᠵᠤ ᠦᠭᠬᠦ ᠳᠤ ᠳᠦᠬᠦᠮ ᠦᠵᠡᠬᠦᠯᠬᠦ ᠬᠡᠷᠡᠭᠲᠡᠢ᠃ ᠡᠮ ᠤᠨ ᠵᠦᠢᠯᠡᠰ ᠢ ᠬᠤᠷᠢᠶᠠᠨ ᠠᠪᠬᠤ ᠪᠤᠯ ᠪᠠᠰᠠ ᠴᠦ ᠨᠢᠬᠡ ᠵᠤᠶᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠤᠯᠬᠤ ᠲᠤᠯᠠ᠂ ᠡᠮ ᠤᠨ ᠵᠦᠢᠯᠡᠰ ᠢ ᠬᠤᠷᠢᠶᠠᠨ ᠠᠪᠬᠤ ᠴᠡᠭ ᠭᠠᠷᠭᠠᠭᠰᠠᠨ ᠪᠠᠶᠢᠭᠤᠯᠤᠮᠵᠢ ᠳᠤ ᠵᠤᠬᠢᠰᠲᠠᠢ ᠠᠵᠤ ᠠᠬᠤᠢ ᠎ ᠶᠢᠨ ᠨᠦᠬᠦᠪᠤᠷᠢ ᠪᠤᠶᠤ ᠭᠠᠶᠢᠯᠢ ᠳᠠᠳᠠᠪᠤᠷᠢ ᠶᠢᠨ ᠬᠠᠷᠠᠭᠠᠯᠵᠠᠯ ᠦᠵᠡᠬᠦᠯᠬᠦ ᠶᠢ ᠪᠤᠳᠤᠯᠬᠢᠯᠠᠵᠤ᠂ ᠤᠯᠠᠨ ᠲᠠᠯ᠎ᠠ ᠶᠢᠨ ᠎ ᠬᠢᠨ ᠬᠠᠮᠲᠤᠪᠠᠷ ᠠᠰᠢᠭ ᠬᠦᠷᠲᠡᠬᠦ ᠶᠢ ᠪᠡᠶᠡᠯᠡᠬᠦᠯᠬᠦ ᠬᠡᠷᠡᠭᠲᠡᠢ᠃         ᠡᠮ ᠤᠨ ᠵᠦᠢᠯᠡᠰ ᠢ ᠪᠠᠭ᠎ᠠ ᠪᠤᠭᠤᠳᠠᠯ ᠢᠶᠠᠷ ᠪᠤᠭᠤᠳᠠᠯᠯᠠᠬᠤ᠂ ᠬᠡᠰᠡᠭᠯᠡᠨ ᠪᠤᠷᠤᠯᠠᠭᠤᠯᠬᠤ ᠨᠢ ᠡᠮ ᠦᠯᠡᠳᠡᠬᠦ ᠪᠠ ᠬᠤᠭᠤᠴᠠᠭ᠎ᠠ ᠨᠢ ᠬᠡᠲᠤᠷᠡᠭᠦ ᠶᠢ ᠡᠬᠢ ᠦᠨᠳᠦᠰᠦ ᠠᠴᠠ ᠨᠢ ᠰᠡᠢᠳᠪᠤᠷᠢᠯᠡᠵᠤ ᠪᠤᠯᠤᠨ᠎ᠠ᠃ ᠵᠢᠱᠢᠶᠡᠯᠡᠪᠡᠯ ᠂ ᠵᠠᠷᠢᠮ ᠲᠠᠭᠰᠢᠭᠤᠷ ᠤᠨ ᠡᠮ ᠨᠢ ᠬᠠᠶᠢᠷᠴᠠᠭ ᠪᠦᠷᠢ ᠳᠤ ᠠᠷᠪᠠᠨ ᠬᠡᠳᠤᠨ ᠮᠦᠬᠦᠯᠢᠭ ᠪᠠᠶᠢᠳᠠᠭ᠂ ᠡᠪᠡᠳᠴᠢᠲᠡᠨ ᠬᠡᠳᠤᠨ ᠮᠦᠬᠦᠯᠢᠭ ᠢᠳᠡᠪᠡᠯ ᠳᠠᠷᠤᠢ ᠡᠳᠡᠭᠡᠷᠡᠴᠢᠬᠡᠬᠦ ᠤᠴᠢᠷ ᠠᠴᠠ ᠡᠮ ᠦᠯᠡᠳᠡᠭᠳᠡᠬᠦ ᠨᠢ ᠭᠠᠷᠴᠠᠭ᠎ᠠ ᠦᠬᠡᠢ ᠶᠤᠮ᠃ ᠡᠬᠦᠨ ᠠᠴᠠ ᠦᠵᠡᠪᠡᠯ᠂ ᠡᠨᠡ ᠬᠦ ᠠᠰᠭᠤᠳᠠᠯ ᠢ ᠰᠢᠢᠳᠪᠤᠷᠢᠯᠡᠬᠦ ᠳᠤ ᠨᠡᠭᠡ ᠲᠠᠯ᠎ᠠ ᠪᠠᠷ᠂ ᠡᠮ ᠤᠨ ᠠᠵᠤ ᠠᠬᠤᠶᠢᠯᠠᠯ ᠎ ᠢ ᠬᠦᠲᠦᠯᠦᠨ ᠵᠢᠯᠤᠭᠤᠳᠴᠤ ᠪᠠᠶᠢᠭᠠᠳ ᠪᠠᠭ᠎ᠠ ᠬᠡᠮᠵᠢᠶ᠎ᠡ ᠲᠠᠢ᠂ ᠪᠠᠭ᠎ᠠ ᠪᠤᠭᠤᠳᠠᠯ ᠲᠠᠢ ᠡᠮ ᠤᠨ ᠵᠦᠢᠯᠡᠰ ᠢ ᠦᠢᠯᠡᠳᠪᠤᠷᠢᠯᠡᠬᠦᠯᠬᠦ ᠬᠡᠷᠡᠭᠲᠡᠢ︔ ᠨᠦᠬᠦᠬᠡ ᠲᠠᠯ᠎ᠠ ᠪᠠᠷ᠂ ᠡᠮ ᠤᠨ ᠳᠡᠯᠬᠡᠬᠦᠷ ᠪᠠ ᠡᠮᠴᠢᠯᠡᠬᠡᠨ ᠤ ᠪᠠᠶᠢᠭᠤᠯᠤᠮᠵᠢ ᠶᠢᠨ ᠬᠡᠰᠡᠭᠯᠡᠨ ᠪᠤᠷᠤᠯᠠᠭᠤᠯᠬᠤ ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠵᠤ᠂ ᠤᠯᠠᠨ ᠲᠦᠮᠡᠨ ᠤ ᠬᠡᠷᠡᠭᠴᠡᠭᠡ ᠶᠤᠰᠤᠭᠠᠷ ᠬᠤᠳᠠᠯᠳᠤᠨ ᠠᠪᠬᠤ ᠳᠤ ᠳᠦᠬᠦᠮ ᠦᠵᠡᠬᠦᠯᠵᠤ᠂ ᠪᠦᠷᠢᠯᠬᠡᠨ ᠰᠦᠢᠳᠬᠡᠬᠦ ᠠᠴᠠ ᠵᠠᠶᠢᠯᠠᠰᠬᠢᠵᠤ ᠪᠤᠯᠤᠨ᠎ᠠ᠃         ᠠᠶᠤᠯᠭᠦᠢ ᠢᠶᠠᠷ ᠡᠮ ᠬᠡᠷᠡᠭᠯᠡᠬᠦ ᠳᠤ ᠪᠠᠭ᠎ᠠ ᠤᠴᠢᠷ ᠬᠡᠵᠤ ᠦᠬᠡᠢ᠃ ᠡᠮ ᠨᠢ ᠪᠠᠭ᠎ᠠ ᠪᠤᠯᠪᠠᠴᠤ ᠳᠤᠷ᠎ᠠ ᠎ ᠪᠠᠷ ᠭᠡᠭᠡᠵᠤ ᠬᠠᠶᠠᠪᠠᠯ ᠬᠦᠨᠦᠬᠡᠯ ᠨᠢ ᠪᠠᠭ᠎ᠠ ᠦᠬᠡᠢ᠂ ᠡᠬᠡᠬᠦᠯᠦᠨ ᠠᠪᠴᠤ ᠰᠢᠢᠳᠪᠤᠷᠢᠯᠡᠬᠦ ᠨᠢ ᠲᠡᠶᠢᠮᠤ ᠬᠢᠯᠪᠠᠷ ᠪᠢᠰᠢ ᠃ ᠡᠩ ᠤᠨ ᠰᠠᠭᠤᠭᠠᠯᠢ ᠠᠷᠠᠳ ᠪᠤᠯᠤᠭᠰᠠᠨ ᠤ ᠬᠤᠪᠢ ᠳᠤ᠂ ᠪᠢᠳᠡ ᠵᠦᠢ ᠵᠤᠬᠢᠰᠲᠠᠢ ᠪᠠᠷ ᠡᠮ ᠬᠡᠷᠡᠭᠯᠡᠬᠦ᠂ ᠤᠶᠤᠨᠴᠢ ᠪᠠᠷ ᠡᠮ ᠬᠤᠳᠠᠯᠳᠤᠨ ᠠᠪᠬᠤ ᠶᠢ ᠰᠤᠷᠴᠤ᠂ ᠴᠢᠬᠤᠯᠠ ᠪᠤᠰᠤ ᠡᠮ ᠢ ᠨᠦᠬᠡᠬᠡᠨ ᠬᠠᠳᠠᠭᠠᠯᠠᠬᠤ ᠪᠠᠨ ᠪᠠᠭᠠᠰᠬᠠᠵᠤ᠂ ᠦᠯᠡᠳᠡᠭᠰᠡᠨ ᠡᠮ ᠪᠠ ᠬᠤᠭᠤᠴᠠᠭ᠎ᠠ ᠨᠢ ᠬᠡᠲᠤᠷᠡᠭᠰᠡᠨ ᠡᠮ ᠢ ᠰᠢᠢᠳᠪᠤᠷᠢᠯᠡᠬᠦ ᠦᠶᠡᠰ ᠠᠩᠭᠢᠯᠠᠯ ᠢ ᠰᠠᠶᠢᠲᠤᠷ ᠬᠢᠬᠦ ᠶᠢ ᠠᠩᠬᠠᠷᠬᠤ ᠬᠡᠷᠡᠭᠲᠡᠢ᠃ ᠪᠦᠬᠦ ᠨᠡᠶᠢᠬᠡᠮ ᠤᠨ ᠬᠠᠮᠲᠤ ᠶᠢᠨ ᠴᠢᠷᠮᠠᠶᠢᠭ᠎ᠠ ᠪᠠᠷ ᠡᠮ ᠤᠨ ᠵᠦᠢᠯᠡᠰ ᠢ ᠬᠤᠷᠢᠶᠠᠨ ᠠᠪᠬᠤ ᠠᠵᠢᠯ ᠯᠠᠪᠲᠠᠢ ᠨᠡᠩ ᠶᠡᠭᠡ ᠠᠬᠢᠴᠠ ᠲᠠᠢ ᠪᠤᠯᠵᠤ ᠴᠢᠳᠠᠨ᠎ᠠ ᠭᠡᠳᠡᠭ ᠢ ᠢᠲᠡᠭᠡᠵᠤ ᠪᠠᠶᠢᠨ᠎ᠠ᠃
 
ᠢᠷᠡᠯᠲᠡ᠄ ᠦᠪᠦᠷ ᠮᠤᠨᠭᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号