ᠰᠦᠯᠵᠢᠶᠡᠨ ᠳᠤ ᠭᠠᠷᠬᠤ ᠳᠠᠭᠠᠨ ᠳᠠᠷᠠᠭᠠᠬᠢ ᠠᠷᠭ᠎ᠠ ᠶᠢ ᠬᠡᠷᠡᠭᠯᠡᠪᠡᠯ ᠦᠪᠡᠷ ᠢ ᠪᠠᠨ ᠴᠡᠨᠡᠭᠯᠡᠵᠤ ᠴᠢᠳᠠᠨ᠎ᠠ
ᠨᠡᠶᠢᠲᠡᠯᠡᠭᠰᠡᠨ ᠴᠠᠭ᠄
2023/6/15
       51 ᠳ᠋ᠤᠭᠡᠷ ᠤᠳᠠᠭᠠᠨ ᠤ ︽ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠦᠭᠵᠢᠯᠲᠡ ᠶᠢᠨ ᠪᠠᠶᠢᠳᠠᠯ ᠤᠨ ᠪᠦᠷᠢᠳᠬᠡᠯ ᠤᠨ ᠮᠡᠳᠡᠬᠦᠯᠦᠯᠲᠡ︾ ᠶᠢ ᠦᠨᠳᠦᠰᠦᠯᠡᠪᠡᠯ᠂ 2022  ᠤᠨ ᠤ 12 ᠰᠠᠷ᠎ᠠ ᠪᠤᠯᠲᠠᠯ᠎ᠠ᠂ 30 —49 ᠨᠠᠰᠤᠨ  ᠤ ᠰᠦᠯᠵᠢᠶᠡᠨ ᠢᠷᠭᠡᠳ ᠤᠨ ᠡᠵᠡᠯᠡᠬᠦ ᠬᠠᠷᠢᠴᠠᠯ ᠨᠢ 36.3᠂ 50 ᠨᠠᠰᠤᠨ ᠠᠴᠠ ᠳᠡᠭᠡᠭᠰᠢᠬᠢ ᠰᠦᠯᠵᠢᠶᠡᠨ ᠢᠷᠭᠡᠳ ᠤᠨ ᠡᠵᠡᠯᠡᠬᠦ ᠬᠠᠷᠢᠴᠠᠯ ᠨᠢ 30.8% ᠪᠠᠶᠢᠵᠤ᠂ ᠢᠨᠲ᠋ᠧᠷ ᠰᠦᠯᠵᠢᠶ᠎ᠡ ᠶᠢ ᠠᠰᠢᠭᠯᠠᠳᠠᠭ ᠢᠳᠡᠷ ᠦᠲᠡᠯᠦᠬᠡ ᠨᠠᠰᠤᠨ ᠤ ᠬᠦᠮᠦᠰ ᠤᠯᠠᠮ ᠪᠠᠷ ᠤᠯᠠᠰᠢᠷᠠᠵᠤ ᠪᠠᠶᠢᠨ᠎ᠠ᠃        ᠰᠦᠯᠵᠢᠶᠡᠨ ᠳᠡᠭᠡᠷ᠎ᠡ ᠠᠴᠠ ᠪᠠᠷᠠᠭ᠎ᠠ ᠲᠠᠸᠠᠷ ᠬᠤᠳᠠᠯᠳᠤᠨ ᠠᠪᠬᠤ᠂ ᠸᠢᠳᠢᠤ᠋ ᠪᠢᠴᠢᠯᠬᠡ ᠰᠤᠨᠢᠷᠬᠠᠬᠤ᠂ ᠵᠤᠭᠤᠭ ᠳᠡᠯᠬᠡᠬᠦ ᠬᠡᠬᠦ ᠮᠡᠲᠤ ᠪᠠᠷ ᠮᠠᠰᠢ ᠤᠯᠠᠨ ᠬᠦᠮᠦᠰ ︽ᠢᠨᠲ᠋ᠧᠷ ᠰᠦᠯᠵᠢᠶ᠎ᠡ ᠳᠡᠭᠡᠷ᠎ᠡ ᠠᠮᠢᠳᠤᠷᠠᠬᠤ ᠪᠤᠯᠵᠠᠢ︾᠂ ᠬᠡᠪᠡᠴᠤ ᠡᠬᠦᠨ  ᠢ ᠳᠠᠭᠠᠯᠳᠤᠨ ᠭᠡᠷ ᠪᠦᠯᠢ ᠶᠢᠨ ᠵᠦᠷᠢᠴᠡᠯ ᠮᠦᠷᠬᠦᠯᠳᠦᠬᠡᠨ᠂ ᠡᠷᠡᠬᠦᠯ ᠮᠡᠨᠳᠦ ᠶᠢ ᠨᠦᠯᠦᠬᠡᠯᠡᠵᠤ ᠪᠠᠶᠢᠭ᠎ᠠ ᠠᠰᠭᠠᠤᠳᠠᠯ ᠡᠳᠦᠷ ᠢᠷᠡᠬᠦᠶ᠎ᠡ ᠤᠯᠠᠰᠢᠷᠠᠵᠤ ᠪᠠᠶᠢᠨ᠎ᠠ᠃ ᠢᠨᠲ᠋ᠧᠷ ᠰᠦᠯᠵᠢᠶ᠎ᠡ ᠶᠢ ᠵᠦᠪ ᠬᠡᠷᠡᠭᠯᠡᠪᠡᠯ ᠰᠠᠶ᠋ᠢ ᠦᠪᠡᠷ ᠤᠨ ᠪᠡᠶ᠎ᠡ ᠪᠠᠨ ᠴᠡᠨᠡᠭᠯᠡᠵᠤ᠂ ᠦᠬᠡᠳᠡᠷᠬᠡᠭ ᠠᠮᠢᠳᠤᠷᠠᠵᠤ ᠴᠢᠳᠠᠨ᠎ᠠ᠃        ᠢᠯᠡᠬᠦᠬᠡᠨ ᠰᠤᠷᠤᠯᠴᠠᠵᠤ᠂ ᠪᠤᠯᠬᠢ ᠪᠦᠳᠦᠬᠦᠯᠢᠭ ᠸᠢᠳᠢᠤ᠋ ᠪᠢᠴᠢᠯᠬᠡ ᠶᠢ ᠴᠦᠬᠡᠨ ᠦᠵᠡᠨ᠎ᠡ        ᠰᠦᠯᠵᠢᠶᠡᠨ ᠳᠡᠬᠡᠷ᠎ᠡ ᠳᠡᠯᠡᠬᠡᠢ ᠶᠢᠨ ᠡᠯ᠎ᠡ ᠦᠨᠴᠦᠭ ᠪᠤᠯᠤᠩ ᠤᠨ ᠰᠤᠷᠠᠭ ᠴᠢᠮᠡᠭᠡ ᠪᠦᠷ ᠪᠠᠶᠢᠳᠠᠭ ᠪᠤᠯᠬᠤᠷ ᠰᠦᠯᠵᠢᠶᠡᠨ ᠳᠤ ᠵᠤᠬᠢᠰᠲᠠᠢ ᠭᠠᠷᠴᠤ ᠰᠤᠷᠬᠤ ᠨᠢ ᠶᠡᠭᠡ ᠲᠠᠷᠢᠬᠢ ᠪᠠᠷ ᠢᠶᠠᠨ ᠭᠠᠷ ᠨᠢᠳᠤᠨ ᠤ ᠵᠤᠬᠢᠴᠠᠯ ᠢ ᠳᠤᠬᠢᠷᠠᠭᠤᠯᠬᠤ ᠴᠢᠳᠠᠪᠤᠷᠢ ᠶᠢ ᠳᠡᠭᠡᠭᠰᠢᠯᠡᠬᠦᠯᠬᠦ ᠪᠠᠷ ᠪᠠᠷᠠᠬᠤ ᠦᠬᠡᠢ ᠰᠡᠳᠬᠢᠬᠦᠢ ᠶᠢᠨ ᠴᠢᠳᠠᠪᠤᠷᠢ ᠶᠢ ᠢᠳᠡᠪᠬᠢᠵᠢᠬᠦᠯᠵᠤ᠂ ᠬᠠᠷᠠᠭ᠎ᠠ ᠶᠢ ᠦᠷᠬᠡᠳᠬᠡᠵᠤ᠂ ᠢᠳᠡᠬᠡᠯ ᠢ ᠨᠡᠮᠡᠭᠳᠡᠬᠦᠯᠵᠤ ᠴᠢᠳᠠᠨ᠎ᠠ᠃        ᠨᠠᠰᠤᠲᠠᠶᠢᠴᠤᠳ ᠢᠶᠠᠷ ᠠᠪᠴᠤ ᠬᠡᠯᠡᠪᠡᠯ᠂ ᠤᠯᠤᠰ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠵᠡᠷᠭᠡ ᠠᠯᠪᠠᠨ  ᠤ ᠲᠠᠯ᠎ᠠ ᠶᠢᠨ ᠰᠦᠯᠵᠢᠶᠡᠨ ᠤ ᠡᠬᠢ ᠪᠠᠶᠠᠯᠢᠭ ᠢ ᠢᠯᠡᠬᠦᠬᠡᠨ ᠠᠰᠢᠭᠯᠠᠵᠤ᠂ ᠪᠡᠶ᠎ᠡ ᠰᠤᠪᠢᠯᠠᠯᠲᠠ ᠡᠷᠡᠭᠦᠯᠵᠢᠯ ᠲᠤᠭᠠᠴᠢᠯᠠᠭᠰᠠᠨ ᠤᠶᠤᠨᠴᠢ ᠠᠮᠢᠳᠤᠷᠠᠯ ᠵᠡᠷᠭᠡ ᠤᠯᠠᠨ ᠲᠠᠯ᠎ᠠ ᠶᠢᠨ ᠦᠪᠡᠷᠮᠢᠴᠡ ᠤᠨᠴᠠᠯᠢᠭ ᠲᠠᠢ ᠰᠦᠯᠵᠢᠶᠡᠨ ᠤ ᠰᠤᠷᠤᠯᠴᠠᠯᠭ᠎ᠠ ᠳᠤ ᠤᠷᠤᠯᠴᠠᠵᠤ ᠪᠤᠯᠤᠨ᠎ᠠ᠃ ᠭᠠᠷᠴᠠᠭ ᠢᠶᠠᠷ ᠢᠶᠠᠨ ᠬᠦᠮᠦᠨ ᠤ ᠬᠠᠷᠠᠴᠠ ᠶᠢ ᠪᠤᠯᠢᠶᠠᠭᠰᠠᠨ ᠵᠤᠬᠢᠶᠠᠯ ᠨᠡᠶᠢᠲᠡᠯᠡᠯ᠂ ᠪᠤᠯᠬᠢ ᠪᠦᠳᠦᠬᠦᠯᠢᠭ ᠠᠭᠤᠯᠭ᠎ᠠ ᠲᠠᠢ ᠳᠦᠷᠰᠤ ᠰᠢᠩᠭᠡᠭᠡᠯᠲᠡ ᠶᠢ ᠠᠯᠢ ᠴᠢᠳᠠᠬᠤ ᠪᠠᠷ ᠦᠵᠡᠬᠦ ᠦᠬᠡᠢ ᠪᠠᠶᠢᠵᠤ᠂ ᠰᠦᠯᠵᠢᠶᠡᠨ ᠳᠡᠭᠡᠷᠡᠬᠢ ᠴᠤᠤᠷᠬᠠᠯ ᠢ ᠠᠮᠠᠷᠬᠠᠨ ᠢᠲᠡᠬᠡᠵᠤ ᠳᠠᠮᠵᠢᠭᠤᠯᠤᠨ ᠲᠠᠷᠬᠠᠭᠠᠬᠤ ᠦᠬᠡᠢ ᠪᠠᠶᠢᠬᠤ ᠶᠢ ᠵᠦᠪᠯᠡᠵᠤ ᠪᠠᠶᠢᠨ᠎ᠠ᠃        ᠡᠳ᠋ ᠪᠠᠷᠠᠭ᠎ᠠ ᠶᠢ ᠵᠦᠢ ᠵᠤᠬᠢᠰᠲᠠᠢ ᠪᠠᠷ ᠬᠤᠳᠠᠯᠳᠤᠨ ᠠᠪᠬᠤ ᠠᠴᠠ ᠪᠢᠰᠢ ᠦᠴᠦᠬᠡᠨ ᠠᠰᠢᠭ ᠲᠤ ᠰᠢᠨᠤᠬᠠᠶᠢᠷᠠᠬᠤ ᠦᠬᠡᠢ        ᠢᠨᠲ᠋ᠧᠷ ᠰᠦᠯᠵᠢᠶ᠎ᠡ ᠨᠢ ᠬᠦᠮᠦᠰ ᠤᠨ ᠠᠮᠢᠳᠤᠷᠠᠯ ᠳᠤ ᠮᠠᠰᠢ ᠶᠡᠭᠡ ᠳᠦᠬᠦᠮ ᠦᠵᠡᠬᠦᠯᠵᠤ᠂ ᠰᠦᠯᠵᠢᠶ᠎ᠡ ᠪᠠᠷ ᠪᠠᠷᠠᠭ᠎ᠠ ᠲᠠᠸᠠᠷ ᠬᠤᠳᠠᠯᠳᠤᠨ ᠠᠪᠬᠤ ᠨᠢ ᠬᠦᠮᠦᠰ ᠤᠨ ᠠᠮᠢᠳᠤᠷᠠᠯ ᠤᠨ ᠬᠡᠪ ᠤᠨ ᠵᠤᠷᠰᠢᠯ ᠪᠤᠯᠵᠠᠢ᠃        ᠰᠦᠯᠵᠢᠶᠡᠨ ᠳᠡᠭᠡᠷ᠎ᠡ ᠠᠴᠠ ᠡᠳ᠋ ᠪᠠᠷᠠᠭ᠎ᠠ ᠬᠤᠳᠠᠯᠳᠤᠨ ᠠᠪᠬᠤ ᠳᠠᠭᠠᠨ ᠠᠳᠠᠯᠢᠬᠠᠨ ᠨᠢᠬᠡ ᠵᠤᠶᠢᠯ ᠤᠨ ᠪᠠᠷᠠᠭ᠎ᠠ ᠶᠢ ᠬᠤᠭᠤᠷᠤᠨᠳᠤ ᠨᠢ ᠬᠠᠷᠢᠴᠠᠭᠤᠯᠵᠤ ᠪᠠᠶᠢᠭᠠᠳ ᠠᠯᠪᠠᠨ ᠤ ᠲᠠᠯ᠎ᠠ ᠶᠢᠨ ᠳᠡᠯᠬᠡᠬᠦᠷ ᠠᠴᠠ ᠬᠤᠳᠠᠯᠳᠤᠨ ᠠᠪᠬᠤ ᠶᠢ ᠰᠠᠨᠠᠭᠤᠯᠤᠶ᠎ᠠ ᠃ ᠬᠢᠮᠳᠠᠷᠠᠯ ᠲᠠᠢ ᠪᠤᠷᠤᠯᠠᠭᠤᠯᠭ᠎ᠠ ᠳᠤ ᠤᠶᠤᠨᠴᠢ ᠪᠠᠷ ᠬᠠᠨᠳᠤᠵᠤ᠂ ᠦᠴᠦᠬᠡᠨ ᠠᠰᠢᠭ ᠲᠤ ᠰᠢᠨᠤᠬᠠᠶᠢᠷᠠᠬᠤ ᠦᠬᠡᠢ᠃ ︽ᠬᠠᠷᠠᠮᠵᠢ ᠦᠬᠡᠢ ᠪᠠᠷ ᠬᠦᠷᠬᠡᠵᠤ ᠦᠭᠬᠦ︾ ᠠᠵᠢᠯᠯᠠᠭ᠎ᠠ ᠶᠢ ᠠᠮᠠᠷᠬᠠᠨ ᠢᠲᠡᠬᠡᠬᠦ ᠬᠡᠷᠡᠭ ᠦᠬᠡᠢ᠃ ᠰᠦᠯᠵᠢᠶᠡᠨ ᠳᠡᠭᠡᠷ᠎ᠡ  ᠠᠴᠠ ᠡᠮ ᠤᠨ ᠵᠤᠶᠢᠯ ᠪᠠ ᠡᠷᠡᠭᠦᠯᠵᠢᠯ ᠤᠨ ᠡᠳ᠋ ᠢ ᠬᠤᠳᠠᠯᠳᠤᠨ ᠠᠪᠬᠤ ᠳᠠᠭᠠᠨ ᠬᠢᠨᠠᠭᠤᠷ ᠪᠠᠶᠢᠬᠤ ᠴᠢᠬᠤᠯᠠᠲᠠᠢ᠃        ᠲᠦᠷᠦᠯ ᠰᠠᠳᠤᠨ ᠰᠠᠶᠢᠨ ᠨᠠᠶᠢᠵᠠ ᠪᠠᠷ ᠢᠶᠠᠨ ᠬᠠᠪᠰᠤᠷᠤᠭᠤᠯᠬᠤ ᠪᠤᠶᠤ ᠰᠠᠨᠠᠭᠤᠯᠭ᠎ᠠ ᠭᠠᠷᠭᠠᠯᠭᠠᠵᠤ ᠪᠤᠯᠤᠨ᠎ᠠ᠂ ᠬᠡᠷᠪᠡ ᠰᠦᠯᠵᠢᠶᠡᠨ ᠳᠡᠭᠡᠷ᠎ᠡ ᠮᠦᠩᠭᠦ ᠲᠦᠯᠦᠬᠦ ᠴᠢᠬᠤᠯᠠ ᠲᠠᠢ ᠪᠤᠯ ᠲᠦᠯᠦᠪᠤᠷᠢᠯᠡᠬᠦ ᠨᠢᠭᠤᠴᠠ ᠳ᠋ᠤᠭᠠᠷ ᠪᠠ ᠲᠦᠯᠦᠬᠦ ᠳᠡᠭᠡᠳᠤ ᠬᠢᠵᠠᠭᠠᠷ ᠢᠶᠠᠨ ᠲᠤᠭᠲᠠᠭᠠᠵᠤ ᠲᠠᠯᠪᠢᠬᠤ ᠴᠢᠬᠤᠯᠠᠲᠠᠢ᠃        ᠤᠯᠠᠨ ᠬᠦᠮᠦᠨ ᠲᠠᠢ ᠨᠠᠶᠢᠵᠠᠯᠠᠵᠤ᠂ ᠮᠡᠬᠡᠯᠡᠭᠳᠡᠬᠦ ᠠᠴᠠ ᠰᠡᠷᠬᠡᠶᠢᠯᠡᠬᠦ ᠤᠬᠠᠮᠰᠠᠷ ᠢᠶᠠᠨ ᠳᠡᠭᠡᠭᠰᠢᠯᠡᠬᠦᠯᠦᠨ᠎ᠡ        ᠰᠦᠯᠵᠢᠶ᠎ᠡ ᠪᠠᠷ ᠵᠤᠭᠤᠭᠳᠠᠬᠤ ᠨᠢ ᠬᠦᠮᠦᠨ ᠬᠦᠮᠦᠨ ᠤ ᠬᠤᠭᠤᠷᠤᠨᠳᠤᠬᠢ ᠬᠠᠷᠢᠯᠴᠠᠭ᠎ᠠ ᠶᠢ ᠴᠢᠩᠭᠠᠳᠬᠠᠵᠤ᠂ ᠳᠤᠲᠤᠭᠠᠳᠤ ᠰᠡᠳᠬᠢᠯ ᠤᠨ ᠭᠠᠭᠴᠠᠭᠠᠷᠳᠠᠯ ᠢ ᠨᠠᠮᠳᠠᠭᠤᠯᠬᠤ ᠳᠤ ᠠᠰᠢᠭᠲᠠᠢ ᠪᠠᠶᠢᠳᠠᠭ᠃        ᠪᠡᠭᠡᠵᠢᠩ ᠤᠨ ᠡᠮᠨᠡᠯᠬᠡ ᠶᠢᠨ ᠬᠤᠷᠢᠶᠠᠨ ᠤ ᠤᠯᠤᠰ ᠤᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠲᠦᠪ ᠤᠨ ᠫᠷᠤᠹᠧᠰᠰᠤᠷ ᠢᠤᠢ ᠫᠦ᠋ ᠯᠢᠨ᠂ ᠬᠦᠮᠦᠨ ᠪᠤᠯ ᠪᠦᠬᠡᠮᠨᠡᠷᠡᠨ ᠰᠠᠭᠤᠷᠢᠰᠢᠳᠠᠭ ᠠᠮᠢᠲᠠᠨ᠂ ᠦᠪᠡᠷ ᠤᠨ ᠢᠶᠠᠨ ᠳᠤᠷ᠎ᠠ ᠰᠤᠨᠢᠷᠠᠬᠠᠯ  ᠲᠠᠢ ᠠᠳᠠᠯᠢᠪᠲᠤᠷ᠂ ᠪᠤᠳᠤᠯ ᠰᠠᠨᠠᠭ᠎ᠠ ᠨᠢᠭᠡᠲᠡᠢ ᠨᠠᠶᠢᠵᠠ ᠨᠠᠷ ᠲᠠᠢ ᠪᠠᠨ ᠬᠠᠮᠲᠤ ᠪᠠᠶᠢᠪᠠᠯ ᠦᠷᠬᠦᠯᠵᠢ ᠪᠠᠶᠠᠷ ᠬᠦᠷ ᠲᠠᠢ ᠪᠠᠶᠢᠳᠠᠭ ᠭᠡᠵᠡᠢ᠃        ᠭᠡᠪᠡᠴᠤ ᠰᠦᠯᠵᠢᠶᠡᠨ ᠳᠡᠭᠡᠷ᠎ᠡ ᠵᠤᠭᠤᠭᠳᠠᠬᠤ ᠳᠠᠭᠠᠨ ᠬᠤᠪᠢ ᠬᠦᠮᠦᠨ ᠤ ᠨᠢᠭᠤᠴᠠ ᠪᠠᠨ ᠵᠠᠳᠠᠷᠠᠭᠤᠯᠬᠤ ᠠᠴᠠ ᠵᠠᠶᠢᠯᠠᠰᠬᠢᠵᠤ᠂ ᠰᠦᠯᠵᠢᠶᠡᠨ ᠤ ᠢᠨᠠᠭ ᠬᠠᠶᠢᠷ᠎ᠠ ᠡᠰᠡᠪᠡᠯ ᠰᠦᠯᠵᠢᠶᠡᠨ ᠤ ᠲᠤᠲᠤᠨᠤ ᠨᠠᠶᠢᠵᠠ ᠪᠠᠨ ᠠᠮᠠᠷᠬᠠᠨ ᠢᠲᠡᠬᠡᠵᠤ ᠪᠤᠯᠬᠤ ᠦᠬᠡᠢ᠂ ᠰᠦᠯᠵᠢᠶᠡᠨ ᠤ ᠮᠡᠳᠡᠭᠡ ᠵᠠᠩᠭᠢ ᠶᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠬᠦᠯᠬᠦ ᠴᠢᠬᠤᠯᠠᠲᠠᠢ᠃
 
ᠢᠷᠡᠯᠲᠡ᠄ ᠠᠮᠢ ᠠᠰᠤᠨ ᠤ ᠴᠠᠭ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号