ᠰᠢᠯᠭᠠᠭᠤᠯᠤᠭᠴᠢ ᠪᠡᠶ᠎ᠡ ᠶᠢᠨ ᠦᠨᠡᠮᠯᠡᠯ ᠪᠤᠶᠤ ᠰᠢᠯᠭᠠᠭᠤᠯᠬᠤ ᠦᠨᠡᠮᠯᠡᠯ ᠢᠶᠠᠨ ᠮᠠᠷᠲᠠᠭᠰᠠᠨ ᠪᠤᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2023/6/7
        ᠤᠯᠤᠰ ᠤᠨ ᠨᠢᠭᠡᠳᠤᠯᠲᠡᠢ ᠰᠢᠯᠭᠠᠯᠲᠠ ᠳᠤ ᠤᠷᠤᠯᠴᠠᠬᠤ ᠳᠤ ᠰᠢᠯᠭᠠᠭᠤᠯᠤᠭᠴᠢ ᠡᠷᠬᠡᠪᠰᠢ ᠪᠠᠶ᠎ᠡ ᠶᠢᠨ ᠦᠨᠡᠮᠯᠡᠯ ᠪᠠ ᠰᠢᠯᠭᠠᠭᠤᠯᠬᠤ ᠦᠨᠡᠮᠯᠡᠯ ᠢᠶᠠᠷ ᠢᠶᠠᠨ ᠰᠢᠯᠭᠠᠯᠲᠠ ᠶᠢᠨ ᠴᠡᠭ ᠲᠤ ᠤᠷᠤᠬᠤ ᠬᠡᠷᠡᠭᠲᠡᠢ᠃ ᠰᠢᠯᠭᠠᠭᠤᠯᠤᠭᠴᠢ ᠬᠡᠷᠪᠡ ᠪᠡᠶ᠎ᠡ ᠶᠢᠨ ᠦᠨᠡᠮᠯᠡᠯ᠂ ᠰᠢᠯᠭᠠᠭᠤᠯᠬᠤ ᠦᠨᠡᠮᠯᠡᠯ ᠢᠶᠠᠨ ᠮᠠᠷᠲᠠᠭᠰᠠᠨ ᠪᠤᠯ ᠶᠠᠭᠠᠬᠢᠬᠤ ᠪᠤᠢ︖ ᠪᠢᠲᠡᠬᠡᠢ ᠰᠠᠨᠳᠤᠷ᠂ ᠡᠨᠡ ᠠᠷᠭ᠎ᠠ ᠪᠠᠷ ᠰᠡᠢᠳᠪᠤᠷᠢᠯᠡᠵᠤ ᠪᠤᠯᠤᠨ᠎ᠠ᠃         ᠪᠡᠶ᠎ᠡ ᠶᠢᠨ ᠦᠨᠡᠮᠯᠡᠯ ᠢᠶᠠᠨ ᠮᠠᠷᠲᠠᠭᠰᠠᠨ ᠪᠤᠯ ᠶᠠᠭᠠᠬᠢᠬᠤ ᠪᠤᠢ︖         ︽ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠨᠢᠭᠡᠳᠤᠯᠲᠡᠢ ᠰᠢᠯᠭᠠᠯᠲᠠ ᠶᠢᠨ ᠭᠡᠨᠡᠳᠲᠡ ᠶᠢᠨ ᠬᠡᠷᠡᠭ ᠢ ᠰᠡᠢᠳᠪᠤᠷᠢᠯᠡᠬᠦ ᠠᠷᠭ᠎ᠠ︾᠎ ᠶᠢ ᠦᠨᠳᠦᠰᠦᠯᠡᠪᠡᠯ᠂ ᠰᠢᠯᠭᠠᠭᠤᠯᠤᠭᠴᠢ ᠰᠢᠯᠭᠠᠯᠲᠠ ᠳᠤ ᠤᠷᠤᠯᠴᠠᠠᠬᠤ ᠳᠠᠭᠠᠨ ᠪᠡᠶ᠎ᠡ ᠶᠢᠨ ᠦᠨᠡᠮᠯᠡᠯ ᠢᠶᠠᠨ ᠮᠠᠷᠲᠠᠭᠰᠠᠨ ᠪᠤᠶᠤ ᠭᠡᠭᠡᠭᠰᠡᠨ ᠪᠠᠶᠢᠪᠠᠯ᠂ ᠰᠢᠯᠭᠠᠯᠲᠠ ᠶᠢᠨ ᠴᠡᠭ ᠤᠨ ᠠᠵᠢᠯᠲᠠᠨ ᠳᠤ ᠪᠡᠶ᠎ᠡ ᠶᠢᠨ ᠦᠨᠡᠮᠯᠡᠯ ᠢᠶᠠᠨ ᠮᠠᠷᠲᠠᠭᠰᠠᠨ ᠪᠤᠶᠤ ᠭᠡᠭᠡᠭᠰᠡᠨ ᠪᠠᠶᠢᠳᠠᠯ ᠢᠶᠠᠨ ᠴᠠᠭ ᠲᠤᠬᠠᠢ ᠳᠤᠨᠢ ᠲᠤᠲᠤᠷᠬᠠᠶᠢᠯᠠᠬᠤ ᠬᠡᠷᠡᠭᠲᠡᠢ᠂ ᠰᠢᠯᠭᠠᠯᠲᠠ ᠶᠢᠨ ᠴᠡᠭ ᠤᠨ ᠠᠵᠢᠯᠲᠠᠨ ᠬᠦᠮᠦᠨ ᠤ ᠵᠢᠰᠤ ᠶᠢ ᠢᠯᠭᠠᠨ ᠲᠠᠨᠢᠬᠤ ᠳᠦᠬᠦᠬᠡᠷᠤᠮᠵᠢ ᠳᠤ ᠰᠢᠯᠭᠠᠭᠤᠯᠤᠭᠴᠢ ᠶᠢᠨ ᠪᠡᠶ᠎ᠡ ᠶᠢᠨ ᠦᠨᠡᠮᠯᠡᠯ ᠤᠨ ᠨᠤᠮᠧᠷ ᠢ ᠤᠷᠤᠭᠤᠯᠬᠤ ᠪᠠᠷ ᠳᠠᠮᠵᠢᠭᠤᠯᠤᠨ ᠰᠢᠯᠭᠠᠭᠤᠯᠤᠭᠴᠢ ᠶᠢᠨ ᠵᠢᠰᠤ ᠶᠢ ᠢᠯᠭᠠᠨ ᠲᠠᠨᠢᠬᠤ ᠰᠢᠯᠭᠠᠨ ᠪᠠᠲᠤᠯᠠᠯᠲᠠ ᠬᠢᠨ᠎ᠡ᠃ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠤᠷᠤᠵᠤ ᠰᠢᠯᠭᠠᠯᠲᠠ ᠬᠢᠨᠠᠭᠴᠢ ᠳᠤ ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠢᠶᠠᠨ ᠮᠡᠳᠡᠭᠳᠡᠵᠤ᠂ ᠰᠢᠯᠭᠠᠯᠲᠠ ᠬᠢᠨᠠᠭᠴᠢ ᠶᠢᠨ ᠪᠡᠶ᠎ᠡ ᠶᠢᠨ ᠬᠢᠷᠢ ᠬᠡᠮ ᠢ ᠰᠢᠯᠭᠠᠨ ᠬᠠᠷᠭᠤᠭᠤᠯᠬᠤ ᠶᠢ ᠬᠦᠯᠢᠶᠡᠨ᠎ᠡ᠃         ᠰᠢᠯᠭᠠᠭᠤᠯᠤᠭᠴᠢ ᠰᠢᠯᠭᠠᠭᠤᠯᠬᠤ ᠦᠨᠡᠮᠯᠡᠯ ᠢᠶᠠᠨ ᠮᠠᠷᠲᠠᠭᠰᠠᠨ ᠪᠠᠶᠢᠪᠠᠯ᠂ ᠰᠢᠯᠭᠠᠯᠲᠠ ᠶᠢᠨ ᠴᠡᠭ ᠤᠨ ᠠᠵᠢᠯᠲᠠᠨ ᠳᠤ ᠮᠡᠳᠡᠬᠦᠯᠵᠤ᠂ ᠰᠢᠯᠭᠠᠯᠲᠠ ᠶᠢᠨ ᠴᠡᠭ ᠤᠨ ᠠᠵᠢᠯᠲᠠᠨ ᠰᠢᠯᠭᠠᠭᠤᠯᠤᠭᠴᠢ ᠶᠢ ᠬᠦᠲᠦᠯᠦᠨ ᠵᠢᠯᠤᠭᠤᠳᠴᠤ ᠪᠠᠶᠢᠭᠠᠳ ᠰᠢᠯᠭᠠᠯᠲᠠ ᠶᠢᠨ ᠶᠠᠪᠤᠳᠠᠯ ᠤᠨ ᠠᠯᠪᠠᠨ ᠭᠡᠷ ᠲᠤ ᠬᠦᠷᠴᠦ ᠰᠢᠯᠭᠠᠭᠤᠯᠬᠤ ᠦᠨᠡᠮᠯᠡᠯ ᠢ ᠨᠢ ᠳᠠᠷᠤᠮᠠᠯᠯᠠᠭᠤᠯᠤᠨ᠎ᠠ᠃         ᠡᠶᠢᠮᠤ ᠠᠴᠠ᠂ ᠬᠡᠷᠪᠡ ᠰᠢᠯᠭᠠᠯᠲᠠ ᠠᠴᠠ ᠡᠮᠦᠨ᠎ᠡ ᠪᠡᠶ᠎ᠡ ᠶᠢᠨ ᠦᠨᠡᠮᠯᠡᠯ ᠪᠤᠶᠤ ᠰᠢᠯᠭᠠᠭᠤᠯᠬᠤ ᠦᠨᠡᠮᠯᠡᠯ ᠎ ᠢᠶᠠᠨ ᠮᠠᠷᠲᠠᠭᠰᠠᠨ ᠪᠤᠶᠤ ᠬᠡᠬᠡᠭᠰᠡᠨ ᠪᠠᠶᠢᠪᠠᠯ᠂ ᠰᠢᠯᠭᠠᠭᠤᠯᠤᠭᠴᠢ ᠪᠤᠯᠤᠨ ᠭᠡᠷ ᠤᠨ ᠠᠬᠠᠮᠠᠳ ᠰᠠᠨᠳᠤᠷᠤᠭᠰᠠᠨ ᠤ ᠬᠡᠷᠡᠭ ᠦᠬᠡᠢ᠂ ᠰᠢᠯᠭᠠᠯᠲᠠ ᠶᠢ ᠨᠦᠯᠦᠬᠡᠯᠡᠬᠦ ᠠᠴᠠ ᠵᠤᠪᠠᠭ᠋ᠤ ᠬᠡᠷᠡᠭ ᠦᠬᠡᠢ᠂ ᠲᠦᠷ ᠴᠠᠭ ᠤᠨ ᠪᠡᠶ᠎ᠡ ᠶᠢᠨ ᠦᠨᠡᠮᠯᠡᠯ ᠎ ᠢᠶᠠᠨ ᠨᠦᠬᠦᠵᠤ ᠠᠪᠬᠤ ᠶᠢ ᠶᠠᠭᠠᠷᠠᠭᠰᠠᠨ ᠤ ᠬᠡᠷᠡᠭ ᠦᠬᠡᠢ᠂ ᠴᠠᠭ ᠲᠤᠬᠠᠢ ᠳᠤᠨᠢ ᠰᠢᠯᠭᠠᠯᠲᠠ ᠶᠢᠨ ᠴᠡᠭ ᠤᠨ ᠠᠵᠢᠯᠲᠠᠳ ᠲᠤ ᠪᠠᠶᠢᠳᠠᠯ ᠢᠶᠠᠨ ᠬᠠᠷᠢᠭᠤ ᠲᠤᠰᠬᠠᠵᠤ᠂ ᠳᠤᠰᠠᠯᠠᠮᠵᠢ ᠡᠷᠢᠬᠡᠷᠡᠢ᠃
 
ᠢᠷᠡᠯᠲᠡ᠄ ᠦᠪᠦᠷ ᠮᠤᠩᠭᠤᠯ ᠤᠨ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号