ᠤᠯᠤᠰ ᠤᠨ ᠨᠢᠭᠡᠳᠤᠯᠲᠡᠢ ᠰᠢᠯᠭᠠᠯᠲᠠ ᠶᠢᠨ ᠬᠤᠭᠤᠴᠠᠭᠠᠨ ᠳᠠᠬᠢ ︽ᠠᠷᠪᠠᠨ ᠪᠤᠯᠬᠤ ᠦᠬᠡᠢ︾
ᠨᠡᠶᠢᠲᠡᠯᠡᠭᠰᠡᠨ ᠴᠠᠭ᠄
2023/6/7
       ᠦᠪᠡᠷᠲᠡᠬᠡᠨ ᠵᠠᠰᠠᠬᠤ ᠤᠷᠤᠨ ᠤ ︽ᠬᠤᠶᠠᠷ ᠢ ᠬᠦᠩᠭᠡᠷᠡᠭᠦᠯᠭᠦ︾ ᠠᠵᠢᠯ ᠤᠨ ᠬᠠᠮᠳᠤᠷᠠᠭᠰᠠᠨ ᠬᠤᠷᠠᠯ ᠤᠨ ᠲᠤᠭᠲᠠᠴᠠ ᠶᠢᠨ ᠠᠯᠪᠠᠨ ᠭᠡᠷ ᠠᠴᠠ ︽ᠪᠦᠬᠦ ᠤᠷᠤᠨ ᠤ ᠰᠢᠯᠭᠠᠯᠲᠠ ᠳᠤ ᠬᠤᠯᠪᠤᠭᠳᠠᠭᠰᠠᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠮᠡᠳᠡᠭᠳᠡᠬᠦ ᠪᠢᠴᠢᠭ︾ ᠢ ᠨᠡᠶᠢᠲᠡᠯᠡᠵᠤ᠂ ᠤᠯᠤᠰ ᠤᠨ ᠨᠢᠭᠡᠳᠤᠯᠲᠡᠢ ᠰᠢᠯᠭᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ︽ᠠᠷᠪᠠᠨ ᠪᠤᠯᠬᠤ ᠦᠬᠡᠢ︾ ᠵᠤᠶᠢᠯ ᠢ ᠮᠡᠳᠡᠭᠳᠡᠪᠡ᠃ ᠬᠠᠤᠯᠢ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠪᠡᠯ ᠴᠢᠩᠭ᠎ᠠ ᠪᠠᠶᠢᠴᠠᠭᠠᠨ ᠰᠡᠢᠳᠪᠤᠷᠢᠯᠡᠨ᠎ᠡ᠃ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠲᠤᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠡᠢ᠃        ᠬᠠᠮᠢᠶ᠎ᠠ ᠪᠦᠬᠦᠢ ᠬᠦᠮᠦᠰ ᠤᠨ ᠲᠠᠨᠢᠯᠴᠠᠭᠤᠯᠤᠭᠰᠠᠨ ᠢᠶᠠᠷ᠂ 2023 ᠤᠨ ᠤ ᠤᠯᠤᠰ ᠤᠨ ᠨᠢᠬᠡᠳᠤᠯᠲᠡᠢ ᠰᠢᠯᠭᠠᠯᠲᠠ ᠶᠢᠨ ᠠᠮᠤᠷ ᠳᠦᠪᠰᠢᠨ ᠤ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠶᠢᠨ ᠲᠤᠰᠠᠳᠠ᠂ ᠰᠢᠯᠭᠠᠯᠲᠠ ᠳᠤ ᠬᠤᠯᠪᠤᠭᠳᠠᠬᠤ ᠪᠤᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠬᠡ ᠠᠯᠬᠤᠮ ᠴᠢᠩᠭᠠᠳᠬᠠᠨ᠂ ᠰᠤᠷᠤᠭᠴᠢ ᠡᠯᠰᠡᠬᠦ ᠤᠷᠴᠢᠨ ᠲᠤᠭᠤᠷᠢᠨ ᠢ ᠴᠡᠪᠡᠷᠰᠢᠬᠦᠯᠵᠤ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠤᠨ ᠡᠷᠬᠡ ᠠᠰᠢᠭ ᠢ ᠬᠠᠮᠠᠭᠠᠯᠠᠨ᠂ ︽ᠠᠮᠤᠷ ᠳᠦᠪᠰᠢᠨ ᠤᠯᠤᠰ ᠤᠨ ᠨᠢᠬᠡᠳᠤᠯᠲᠡᠢ ᠰᠢᠯᠭᠠᠯᠲᠠ︾ ᠶᠢᠨ ᠬᠠᠷᠠᠯᠲᠠ ᠡᠬᠦᠷᠬᠡ ᠶᠢ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ᠃        ︽ᠠᠷᠪᠠᠨ ᠪᠤᠯᠬᠤ ᠦᠬᠡᠢ︾ ᠵᠤᠶᠢᠯ ᠨᠢ ᠳᠤᠤᠷᠠᠬᠢ ᠮᠡᠲᠤ᠄        ᠨᠢᠬᠡ᠂ ᠰᠤᠷᠭᠠᠭᠤᠯᠢ ᠶᠢᠨ ᠬᠦᠷᠢᠶᠡᠨ ᠳᠤ ᠰᠢᠯᠭᠠᠯᠲᠠ ᠳᠤ ᠬᠤᠯᠪᠤᠭᠳᠠᠬᠤ ᠪᠤᠯᠪᠠᠰᠤᠷᠠᠯ᠂ ᠯᠠᠪᠯᠠᠯᠭ᠎ᠠ ᠶᠢᠨ ᠠᠵᠢᠯᠯᠠᠭ᠎ᠠ ᠦᠷᠨᠢᠬᠦᠯᠬᠦ ᠶᠢ ᠬᠦᠯᠢᠶᠡᠬᠦ ᠦᠬᠡᠢ᠃ ᠰᠢᠯᠭᠠᠯᠲᠠ ᠶᠢᠨ ᠴᠡᠭ᠂ ᠰᠤᠷᠭᠠᠭᠤᠯᠢ ᠵᠡᠷᠬᠡ ᠶᠢᠨ ᠡᠷᠬᠢᠨ ᠲᠤᠭᠤᠷᠢᠨ ᠳᠤ ᠰᠤᠷᠤᠭᠴᠢ ᠡᠯᠰᠡᠬᠦ ᠤᠬᠠᠭᠤᠯᠭ᠎ᠠ ᠶᠢ ᠵᠤᠬᠢᠶᠠᠨ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠪᠤᠯᠬᠤ ᠦᠬᠡᠢ᠃        ᠬᠤᠶᠠᠷ᠂ ᠰᠤᠷᠤᠭᠴᠢ ᠶᠢᠨ ᠰᠢᠯᠭᠠᠯᠲᠠ ᠳᠤ ᠬᠤᠯᠪᠤᠭᠳᠠᠬᠤ ᠬᠠᠮᠢᠶ᠎ᠠ ᠪᠦᠬᠦᠢ ᠪᠤᠯᠪᠠᠰᠤᠷᠠᠯ ᠳᠤ ᠬᠤᠳᠠᠯ ᠬᠠᠭᠤᠷᠮᠠᠭ ᠤᠬᠠᠭᠤᠯᠭ᠎ᠠ ᠬᠢᠵᠤ᠂ ᠪᠤᠯᠪᠠᠰᠤᠷᠠᠯ ᠤᠨ ᠦᠷ᠎ᠡ ᠪᠦᠲᠦᠮᠵᠢ ᠶᠢ ᠶᠡᠬᠡᠰᠬᠡᠵᠤ᠂ ᠰᠤᠷᠤᠭᠴᠢ ᠵᠢᠴᠢ ᠭᠡᠷ ᠤᠨ ᠠᠬᠠᠮᠠᠳ ᠢ ᠦᠳᠦᠬᠡᠨ ᠲᠠᠲᠠᠵᠤ ᠪᠤᠯᠬᠤ ᠦᠬᠡᠢ᠃        ᠭᠤᠷᠪᠠ᠂ ᠶᠠᠮᠠᠷᠪᠠ ᠬᠡᠯᠪᠡᠷᠢ ᠪᠠᠷ ᠰᠢᠯᠭᠠᠯᠲᠠ ᠳᠤ ᠬᠡᠮ ᠬᠢᠬᠦ ᠶᠢ ᠬᠠᠪᠰᠤᠷᠬᠤ᠂ ᠬᠡᠮ ᠬᠢᠬᠦ ᠳᠤ ᠤᠷᠤᠯᠴᠠᠬᠤ᠂ ᠬᠡᠮ ᠬᠢᠬᠦ ᠶᠢ ᠵᠤᠬᠢᠶᠠᠨ ᠪᠠᠶᠢᠭᠤᠯᠵᠤ ᠪᠤᠯᠬᠤ ᠦᠬᠡᠢ᠃        ᠳᠦᠷᠪᠡ᠂ ᠰᠢᠯᠭᠠᠯᠲᠠ ᠳᠤ ᠬᠤᠯᠪᠤᠭᠳᠠᠭᠰᠠᠨ ᠰᠡᠳᠦᠪ ᠲᠠᠭᠠᠬᠤ᠂ ᠤᠤᠯ ᠰᠡᠳᠦᠪ᠂ ᠳᠠᠪᠬᠤᠴᠠᠭᠰᠠᠨ ᠰᠡᠳᠦᠪ᠂ ᠪᠤᠷᠤᠭᠤ ᠰᠡᠳᠦᠪ ᠵᠡᠷᠭᠡ ᠡᠯ᠎ᠡ ᠵᠤᠶᠢᠯ ᠤᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠤᠬᠢᠶᠠᠬᠤ ᠪᠤᠶᠤ ᠲᠠᠷᠬᠠᠭᠠᠵᠤ ᠪᠤᠯᠬᠤ ᠦᠬᠡᠢ᠂ ᠬᠤᠳᠠᠯ ᠬᠠᠭᠤᠷᠮᠠᠭ ᠪᠤᠶᠤ ᠦᠰᠬᠡᠨ ᠳᠦᠰᠬᠡᠨ ᠲᠠᠢ ᠰᠢᠯᠭᠠᠯᠲᠠ ᠳᠤ ᠬᠤᠯᠪᠤᠭᠳᠠᠭᠰᠠᠨ ᠮᠡᠳᠡᠭᠡ ᠵᠠᠩᠭᠢ ᠪᠠ ᠶᠠᠷᠢᠶᠠᠨ ᠤ ᠰᠡᠳᠦᠪ ᠢ ᠵᠤᠬᠢᠶᠠᠬᠤ ᠪᠤᠶᠤ ᠲᠠᠷᠬᠠᠭᠠᠵᠤ ᠪᠤᠯᠬᠤ ᠦᠬᠡᠢ  ᠃ ᠰᠤᠷᠭᠠᠨ ᠬᠦᠮᠦᠵᠢᠯ ᠤᠨ ᠰᠠᠨᠠᠭᠠᠰᠢᠷᠠᠯ ᠢ ᠬᠦᠬᠡᠬᠡᠷᠳᠡᠵᠤ᠂ ᠰᠢᠯᠭᠠᠯᠲᠠ ᠶᠢᠨ ᠡᠮᠬᠢ ᠵᠢᠷᠦᠮ ᠢ ᠡᠪᠳᠡᠵᠤ ᠪᠤᠯᠬᠤ ᠦᠬᠡᠢ᠃        ᠲᠠᠪᠤ᠂ ᠶᠠᠮᠠᠷᠪᠠ ᠬᠡᠯᠪᠡᠷᠢ ᠪᠠᠷ ︽ᠰᠢᠯᠭᠠᠯᠲᠠ ᠶᠢᠨ ᠮᠠᠩᠯᠠᠢ︾᠂ ︽ᠰᠢᠯᠭᠠᠯᠲᠠ ᠶᠢᠨ ᠪᠠᠶᠠᠷ ᠤᠨ ᠮᠡᠳᠡᠭᠡ︾᠂ ︽ᠰᠤᠷᠭᠠᠭᠤᠯᠢ ᠳᠡᠪᠰᠢᠭᠰᠡᠨ ᠨᠤᠷᠮ᠎ᠠ︾᠂ ︽ᠵᠢᠩᠭᠢᠨᠢ ᠠᠩᠭᠢ ᠳᠤ ᠤᠷᠤᠭᠰᠠᠨ ᠨᠤᠷᠮ᠎ᠠ︾᠂ ︽ᠦᠨᠳᠦᠷ ᠬᠤᠪᠢ ᠤᠯᠤᠭᠰᠠᠨ ᠰᠢᠯᠭᠠᠭᠤᠯᠤᠭᠴᠢ︾᠂ ᠲᠤᠰ ᠪᠠᠶᠢᠭᠤᠯᠤᠮᠵᠢ ᠶᠢᠨ ︽ᠨᠡᠷᠡᠰ ᠤᠨ ᠵᠢᠭᠰᠠᠭᠠᠯᠲᠠ ᠳᠤ ᠤᠷᠤᠭᠰᠠᠨ ᠨᠤᠷᠮ᠎ᠠ︾᠂ ︽ᠡᠯᠰᠡᠭᠦᠯᠦᠭᠰᠡᠨ ᠨᠤᠷᠮ᠎ᠠ︾ ᠵᠡᠷᠭᠡ ᠶᠢ ᠦᠰᠬᠡᠨ ᠳᠦᠰᠬᠡᠨ ᠲᠠᠢ ᠤᠬᠠᠭᠤᠯᠤᠨ ᠰᠤᠷᠲᠠᠯᠴᠢᠯᠠᠵᠤ ᠪᠤᠯᠬᠤ ᠦᠬᠡᠢ᠃        ᠵᠢᠷᠭᠤᠭ᠎ᠠ᠂ ᠡᠵᠡᠩᠨᠡᠯᠲᠡ ᠶᠢᠨ ᠬᠡᠪᠴᠢᠶ᠎ᠡ ᠠᠴᠠ ᠳᠠᠪᠠᠭ᠋ᠤ ᠪᠤᠶᠤ ᠵᠢᠷᠤᠮᠵᠢᠯ ᠤᠨ ᠱᠠᠭᠠᠷᠳᠠᠯᠭ᠎ᠠ ᠠᠴᠠ ᠵᠦᠷᠢᠴᠡᠨ᠂ ᠰᠢᠯᠭᠠᠯᠲᠠ ᠶᠢᠨ ᠡᠷᠡᠮᠡᠯᠵᠡᠯ ᠲᠠᠭᠯᠠᠬᠤ ᠵᠡᠷᠭᠡ ᠯᠠᠪᠯᠠᠯᠭ᠎ᠠ ᠶᠢᠨ ᠦᠢᠯᠡᠴᠢᠯᠡᠭᠡ ᠶᠢ ᠲᠤᠭᠲᠠᠭᠠᠯ ᠠᠴᠠ ᠵᠦᠷᠢᠴᠡᠨ ᠦᠷᠨᠢᠬᠦᠯᠬᠦ ᠪᠤᠶᠤ ᠠᠯᠪᠠᠨ ᠤ ᠪᠤᠰᠤ ᠡᠷᠡᠮᠡᠯᠵᠡᠯ ᠲᠠᠭᠯᠠᠬᠤ ᠵᠤᠶᠢᠯ ᠢ ᠲᠤᠭᠲᠠᠭᠠᠯ ᠠᠴᠠ ᠵᠦᠷᠢᠴᠡᠨ ᠬᠡᠷᠡᠭᠯᠡᠬᠦ ᠶᠢᠨ ᠬᠠᠮᠲᠤ ᠲᠤᠭᠲᠠᠭᠠᠯ ᠠᠴᠠ ᠵᠦᠷᠢᠴᠡᠨ ᠰᠦᠢᠳᠬᠡᠯ ᠬᠤᠷᠢᠶᠠᠵᠤ ᠪᠤᠯᠬᠤ ᠦᠬᠡᠢ᠃        ᠳᠤᠯᠤᠭ᠎ᠠ᠂ ︽ᠰᠡᠳᠦᠪ ᠭᠠᠷᠭᠠᠭᠰᠠᠨ ᠪᠠᠭᠰᠢ ᠬᠢᠴᠢᠶᠡᠯ ᠤᠷᠤᠬᠤ︾ ᠬᠡᠬᠦ ᠵᠢᠴᠢ ᠪᠤᠰᠤᠳ ᠬᠡᠯᠪᠡᠷᠢ ᠪᠠᠷ ᠬᠤᠳᠠᠯ ᠬᠠᠭᠤᠷᠮᠠᠭ ᠤᠬᠠᠭᠤᠯᠭ᠎ᠠ ᠬᠢᠵᠤ᠂ ᠰᠤᠷᠤᠭᠴᠢ ᠵᠢᠴᠢ ᠭᠡᠷ ᠤᠨ ᠠᠬᠠᠮᠠᠳ ᠢ ᠦᠳᠦᠬᠡᠨ ᠲᠠᠲᠠᠵᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠳᠤ ᠤᠷᠤᠯᠴᠠᠭᠤᠯᠵᠤ ᠪᠤᠯᠬᠤ ᠦᠬᠡᠢ᠃        ᠨᠠᠢᠮᠠ᠂ ᠰᠢᠯᠭᠠᠯᠲᠠ ᠶᠢᠨ ᠴᠡᠭ ᠲᠤ ᠤᠷᠤᠵᠤ ᠰᠢᠯᠭᠠᠯᠲᠠ ᠶᠢᠨ ᠰᠡᠳᠦᠪ ᠴᠤᠭᠯᠠᠭᠤᠯᠬᠤ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠵᠤ ᠪᠤᠯᠬᠤ ᠦᠬᠡᠢ᠂ ᠰᠢᠯᠭᠠᠯᠲᠠ ᠶᠢᠨ ᠰᠡᠳᠦᠪ ᠤᠨ ᠤᠭ ᠬᠠᠭᠤᠳᠠᠰᠤ ᠶᠢ ᠲᠤᠭᠲᠠᠭᠠᠯ ᠠᠴᠠ ᠵᠦᠷᠢᠴᠡᠨ ᠨᠡᠶᠢᠲᠡᠯᠡᠵᠤ᠂ ᠲᠠᠷᠬᠠᠭᠠᠵᠤ ᠪᠤᠯᠬᠤ ᠦᠬᠡᠢ᠂ ᠰᠢᠯᠭᠠᠯᠲᠠ ᠶᠢᠨ ᠬᠠᠭᠤᠳᠠᠰᠤ ᠶᠢ ᠦᠰᠦᠭ ᠪᠢᠴᠢᠭ᠂ ᠠᠦ᠋ᠳᠢᠤ᠋᠂ ᠸᠢᠳᠢᠤ᠋ ᠪᠠᠷ ᠰᠢᠭᠤᠳ ᠨᠡᠪᠲᠡᠷᠡᠬᠦᠯᠬᠦ ᠵᠡᠷᠬᠡ ᠶᠠᠮᠠᠷᠪᠠ ᠠᠷᠭ᠎ᠠ ᠮᠠᠶ᠋ᠢᠭ ᠢᠶᠠᠷ ᠨᠡᠶᠢᠲᠡᠯᠡᠬᠦ ᠪᠤᠶᠤ ᠦᠨᠡᠯᠡᠵᠦ ᠪᠤᠯᠬᠤ ᠦᠬᠡᠢ᠃        ᠶᠢᠰᠤ᠂ ︽ᠰᠢᠯᠭᠠᠯᠲᠠ ᠶᠢᠨ ᠰᠡᠳᠦᠪ︾᠂ ︽ᠬᠠᠷᠢᠭᠤᠯᠲᠠ︾᠂ ︽ᠲᠤᠲᠤᠭᠠᠳᠤ ᠶᠢᠨ ᠰᠤᠷᠤᠭᠴᠢ ᠡᠯᠰᠡᠬᠦ ᠨᠤᠷᠮ᠎ᠠ︾ ᠵᠡᠷᠬᠡ ᠶᠢ ᠬᠤᠳᠠᠯᠳᠤᠭᠠᠯᠠᠬᠤ ᠬᠡᠯᠪᠡᠷᠢ ᠪᠠᠷ ᠮᠡᠬᠡᠯᠡᠯ ᠤᠨ ᠴᠢᠨᠠᠷᠲᠠᠢ ᠦᠢᠯᠡ ᠠᠵᠢᠯᠯᠠᠭ᠎ᠠ᠂ ᠰᠢᠯᠭᠠᠯᠲᠠ ᠳᠤ ᠬᠤᠯᠪᠤᠭᠳᠠᠬᠤ ᠪᠠ ᠰᠤᠷᠤᠭᠴᠢ ᠡᠯᠰᠡᠬᠦ ᠳᠤ ᠬᠤᠯᠪᠤᠭᠳᠠᠬᠤ ᠮᠡᠬᠡᠯᠡᠯ ᠤᠨ ᠠᠵᠢᠯᠯᠠᠭ᠎ᠠ ᠬᠢᠵᠦ ᠪᠤᠯᠬᠤ ᠦᠬᠡᠢ᠃        ᠠᠷᠪᠠ᠂ ᠰᠢᠯᠭᠠᠭᠤᠯᠤᠭᠴᠢ ᠪᠠ ᠭᠡᠷ ᠤᠨ ᠠᠬᠠᠮᠠᠳ ᠢ ᠦᠳᠦᠬᠡᠨ ᠵᠤᠬᠢᠶᠠᠨ ᠪᠠᠶᠢᠭᠤᠯᠵᠤ ᠪᠠᠶᠢᠭᠠᠳ ᠰᠢᠯᠭᠠᠯᠲᠠ ᠳᠤ ᠬᠤᠯᠪᠤᠭᠳᠠᠬᠤ ᠠᠵᠢᠯ ᠤᠨ ᠲᠠᠯ᠎ᠠ ᠪᠠᠷ ᠬᠠᠮᠰᠠᠨ ᠬᠤᠯᠪᠤᠭᠠᠯᠠᠵᠤ᠂ ᠦᠢᠮᠡᠬᠦᠯᠦᠨ ᠰᠤᠷᠪᠤᠯᠵᠢᠯᠠᠵᠤ ᠪᠤᠯᠬᠤ ᠦᠬᠡᠢ᠃    
 
ᠢᠷᠡᠯᠲᠡ᠄ ᠦᠪᠦᠷ ᠮᠤᠩᠭᠤᠯ ᠤᠨ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号