ᠰᠢᠲᠠᠮᠠᠬᠠᠢ ᠬᠡᠢ ᠶᠢ ᠵᠦᠪ ᠬᠡᠷᠡᠭᠯᠡᠭᠡᠷᠡᠢ
ᠨᠡᠶᠢᠲᠡᠯᠡᠭᠰᠡᠨ ᠴᠠᠭ᠄
2023/7/18
ᠭᠤᠮ ᠬᠤᠭᠤᠯᠠᠢ ᠶᠢ ᠬᠡᠲᠤᠷᠬᠡᠢ ᠤᠷᠲᠤ ᠬᠤᠭᠤᠴᠠᠭ᠎ᠠ ᠪᠠᠷ ᠬᠡᠷᠡᠭᠯᠡᠵᠤ ᠪᠤᠯᠬᠤ ᠦᠬᠡᠢ       ᠰᠢᠲᠠᠮᠠᠬᠠᠢ ᠬᠡᠢ ᠶᠢ ᠬᠡᠷᠡᠭᠯᠡᠬᠦ ᠦᠶᠡᠰ᠂ ᠭᠤᠮ ᠬᠤᠭᠤᠯᠠᠢ ᠶᠢ 12 ᠰᠠᠷ᠎ᠠ ᠬᠡᠷᠡᠭᠯᠡᠪᠡᠯ ᠪᠠᠶᠢᠴᠠᠭᠠᠬᠤ ᠬᠡᠷᠡᠭᠲᠡᠢ᠂ ᠴᠠᠭ ᠲᠤᠬᠠᠢ ᠳᠤ ᠨᠢ ᠭᠤᠮ ᠬᠤᠭᠤᠯᠠᠢ ᠪᠠ ᠳᠠᠷᠤᠯᠲᠠ ᠶᠢ ᠪᠠᠭᠤᠷᠠᠭᠤᠯᠬᠤ ᠨᠡᠬᠡᠯᠡᠬᠡᠢ ᠶᠢ ᠰᠤᠯᠢᠵᠤ᠂ ᠬᠡᠢ ᠯᠡᠪᠡᠷᠡᠬᠦ ᠠᠴᠠ ᠰᠡᠷᠬᠡᠶᠢᠯᠡᠨ᠎ᠡ᠃ ᠭᠤᠮ ᠬᠤᠭᠤᠯᠠᠢ ᠶᠢᠨ ᠤᠷᠲᠤ ᠶᠢ 2 ᠮᠧᠲᠷ ᠠᠴᠠ ᠬᠡᠲᠤᠷᠡᠬᠦᠯᠵᠤ ᠪᠤᠯᠬᠤ ᠦᠬᠡᠢ᠃ᠵᠤᠬᠢᠰ ᠲᠠᠢ ᠬᠠᠳᠠᠭᠠᠯᠠᠨ᠎ᠠ       ᠰᠢᠲᠠᠮᠠᠬᠠᠢ ᠬᠡᠢ ᠶᠢ ᠡᠷᠬᠡᠪᠰᠢ ᠰᠠᠯᠬᠢ ᠨᠡᠪᠲᠡᠷᠡᠬᠦ ᠲᠤᠭᠤᠭᠠᠨ ᠭᠡᠷ ᠲᠤ ᠬᠡᠷᠡᠭᠯᠡᠨ᠎ᠡ᠂ ᠬᠡᠢ ᠯᠡᠪᠡᠷᠡᠪᠡᠯ ᠴᠠᠭ ᠲᠤᠬᠠᠢ  ᠳᠤ ᠨᠢ ᠰᠠᠯᠬᠢ ᠨᠡᠪᠲᠡᠷᠡᠬᠦᠯᠵᠤ᠂ ᠬᠦᠮᠦᠨ ᠬᠤᠤᠷᠲᠠᠭᠲᠠᠬᠤ ᠪᠠ ᠭᠠᠯ ᠤᠨ ᠠᠶᠤᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃ ᠡᠬᠦᠨ ᠠᠴᠠ ᠭᠠᠳᠠᠨ᠎ᠠ᠂ ᠰᠢᠲᠠᠮᠠᠬᠠᠢ ᠬᠡᠢ ᠶᠢ ᠡᠷᠬᠡᠪᠰᠢ ᠤᠨᠲᠠᠬᠤ ᠦᠷᠦᠬᠡ᠂ ᠠᠮᠠᠷᠠᠬᠤ ᠦᠷᠦᠬᠡ ᠠᠴᠠ ᠲᠤᠰᠠᠭᠠᠷᠯᠠᠵᠤ᠂ ᠰᠠᠯᠬᠢ ᠨᠡᠪᠲᠡᠷᠡᠭᠦ ᠨᠦᠬᠦᠴᠡᠯ ᠢ ᠡᠷᠬᠡᠪᠰᠢ ᠪᠦᠷᠢᠯᠳᠦᠬᠦᠯᠬᠦ ᠬᠡᠷᠡᠭᠲᠡᠢ᠃ᠰᠢᠲᠠᠮᠠᠬᠠᠢ ᠬᠡᠢ ᠯᠡᠪᠡᠷᠡᠪᠡᠯ ᠳᠠᠷᠤᠶᠢᠬᠠᠨ ᠪᠠᠶᠢᠴᠠᠭᠠᠨ᠎ᠠ       ᠰᠢᠲᠠᠮᠠᠬᠠᠢ ᠬᠡᠢ ᠯᠡᠪᠡᠷᠡᠪᠡᠯ ᠠᠮᠠᠷᠬᠠᠨ ᠦᠨᠦᠷᠲᠦᠭᠳᠡᠨ᠎ᠡ᠂ ᠦᠮᠡᠬᠡᠢ ᠦᠨᠦᠷ ᠦᠨᠦᠷᠲᠦᠪᠡᠯ᠂ ᠡᠷᠬᠡᠪᠰᠢ ᠴᠤᠩᠬᠤ  ᠪᠠᠨ ᠨᠡᠬᠡᠬᠡᠵᠤ᠂ ᠰᠢᠲᠠᠮᠠᠬᠠᠢ ᠬᠡᠢ ᠶᠢᠨ ᠵᠤᠤᠬ᠎ᠠ᠂ ᠰᠢᠲᠠᠮᠠᠬᠠᠢ ᠬᠡᠢ ᠶᠢᠨ ᠨᠡᠬᠡᠯᠡᠬᠡᠢ ᠪᠠᠨ ᠬᠠᠭᠠᠭᠰᠠᠨ ᠡᠰᠡᠬᠦ ᠶᠢ ᠪᠠᠶᠢᠴᠠᠭᠠᠬᠤ ᠬᠡᠷᠡᠭᠲᠡᠢ᠃ ᠬᠠᠭᠠᠭᠰᠠᠨ ᠤ ᠳᠠᠷᠠᠭ᠎ᠠ ᠪᠠᠰᠠ ᠦᠮᠡᠬᠡᠢ ᠦᠨᠦᠷ ᠲᠠᠢ ᠪᠤᠯ ᠰᠢᠲᠠᠮᠠᠬᠠᠢ ᠬᠡᠢ ᠶᠢᠨ ᠺᠤᠮᠫᠠᠨᠢ ᠶᠢᠨ ᠠᠵᠢᠯᠲᠠᠨ ᠲᠠᠢ ᠳᠠᠷᠤᠶᠢᠬᠠᠨ ᠬᠠᠷᠢᠯᠴᠠᠵᠤ ᠪᠠᠶᠢᠴᠠᠭᠠᠯᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠬᠦᠮᠦᠰ ᠬᠦᠷᠴᠦ ᠢᠷᠡᠬᠦ ᠠᠴᠠ ᠡᠮᠦᠨ᠎ᠡ᠂ ᠶᠠᠭᠠᠬᠢᠭᠰᠠᠨ ᠴᠦ ᠦᠷᠦᠬᠡᠨ ᠳᠤ ᠪᠠᠨ ᠰᠠᠭᠤᠵᠤ ᠪᠤᠯᠬᠤ ᠦᠬᠡᠢ᠂ ᠳ᠋ᠧᠩ ᠠᠰᠠᠭᠠᠵᠤ ᠪᠤᠯᠬᠤ ᠦᠬᠡᠢ᠂ ᠨᠡᠩ ᠴᠦ ᠢᠯᠡ ᠭᠠᠯ ᠬᠡᠷᠡᠭᠯᠡᠵᠤ ᠪᠤᠯᠬᠤ ᠦᠬᠡᠢ᠃ᠰᠢᠲᠠᠮᠠᠬᠠᠢ ᠪᠤᠳᠠᠰ ᠢ ᠵᠤᠤᠬᠠᠨ ᠠᠴᠠ ᠬᠤᠯᠠ ᠲᠠᠯᠪᠢᠬᠤ       ᠰᠢᠲᠠᠮᠠᠬᠠᠢ ᠬᠡᠢ ᠶᠢᠨ ᠵᠤᠤᠬ᠎ᠠ ᠶᠢᠨ ᠡᠷᠬᠢᠨ ᠲᠤᠭᠤᠷᠢᠨ ᠳᠤ ᠲᠤᠰᠤᠨ ᠯᠤᠩᠬᠤ᠂ ᠠᠷᠢᠬᠢᠨ ᠯᠤᠩᠬᠤ᠂ ᠪᠠᠭᠰᠤᠷᠭ᠎ᠠ  ᠶᠢᠨ ᠯᠤᠩᠬᠤ ᠵᠡᠷᠭᠡ ᠲᠤᠭᠤᠭᠠᠨ ᠭᠡᠷ ᠲᠤ ᠦᠷᠬᠦᠯᠵᠢ ᠬᠡᠷᠡᠭᠯᠡᠳᠡᠭ ᠡᠯ ᠵᠤᠶᠢᠯ ᠤᠨ ᠪᠤᠳᠠᠰ ᠢ ᠲᠠᠯᠪᠢᠵᠤ ᠪᠤᠯᠬᠤ ᠦᠬᠡᠢ᠃ ᠪᠠᠰᠠ ᠴᠠᠭᠠᠰᠤᠨ ᠬᠠᠶᠢᠷᠴᠠᠭ᠂ ᠬᠤᠯᠤᠰᠤᠨ ᠰᠠᠭᠰᠤ ᠵᠡᠷᠬᠡ ᠪᠤᠳᠠᠰ ᠢ ᠲᠠᠯᠪᠢᠵᠤ ᠪᠤᠯᠬᠤ ᠦᠬᠡᠢ᠂ ᠭᠠᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃
 
ᠢᠷᠡᠯᠲᠡ᠄ ᠦᠪᠦᠷ ᠮᠤᠨᠭᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号