ᠰᠤᠷᠭᠠᠨ ᠬᠦᠮᠦᠵᠢᠯ ᠤᠨ ᠶᠠᠮᠤᠨ ᠮᠡᠳᠡᠭᠳᠡᠯ ᠨᠡᠶᠢᠲᠡᠯᠡᠪᠡ
ᠨᠡᠶᠢᠲᠡᠯᠡᠭᠰᠡᠨ ᠴᠠᠭ᠄
2023/7/18
        ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠭᠢᠮ ᠤᠶᠢᠷ᠎ᠠ ᠳᠤ ᠮᠡᠳᠡᠭᠳᠡᠯ ᠨᠡᠶᠢᠲᠡᠯᠡᠵᠤ᠂ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠬᠦ ᠠᠵᠢᠯ ᠢ ᠵᠢᠷᠤᠮᠵᠢᠭᠤᠯᠬᠤ ᠬᠡᠷᠡᠭᠲᠡᠢ᠂ ᠶᠡᠭᠡ ᠳᠡᠭᠡᠳᠤ ᠰᠤᠷᠭᠠᠭᠤᠯᠢ ᠨᠤᠭᠤᠳ᠂ ᠲᠡᠭᠦᠰᠦᠭᠰᠡᠳ ᠢ ᠵᠢᠭᠠᠨ ᠵᠢᠯᠤᠭᠤᠳᠴᠤ ᠪᠠᠶᠢᠭᠠᠳ ᠰᠤᠷᠭᠠᠭᠤᠯᠢ ᠠᠴᠠ ᠪᠠᠨ ᠰᠠᠯᠬᠤ ᠠᠴᠠ ᠡᠮᠦᠨ᠎ᠡ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠬᠦ ᠰᠢᠰᠲ᠋ᠧᠮ ︵ᠡᠯ᠎ᠡ ᠮᠤᠵᠢ ᠠᠴᠠ ᠲᠤᠭᠲᠠᠭᠠᠭᠰᠠᠨ ᠪᠦᠬᠦ ᠤᠯᠤᠰ ᠤᠨ ᠳᠠᠩᠰᠠᠯᠠᠨ ᠲᠡᠮᠳᠡᠭᠯᠡᠬᠦ ᠰᠢᠰᠲ᠋ᠧᠮ ᠪᠤᠶᠤ ᠮᠤᠵᠢ ᠶᠢᠨ ᠱᠠᠲᠤᠨ ᠤ ᠳᠠᠩᠰᠠᠯᠠᠨ ᠲᠡᠮᠳᠡᠭᠯᠡᠬᠦ ᠰᠢᠰᠲ᠋ᠧᠮ︶ ᠳᠤ ᠬᠤᠪᠢ ᠬᠦᠮᠦᠨ ᠤ ᠪᠠᠶᠢᠳᠠᠯ ᠢ ᠨᠢ ᠦᠨᠡᠨ ᠮᠦᠨ ᠢᠶᠠᠷ ᠲᠡᠮᠳᠡᠭᠯᠡᠬᠦᠯᠬᠦ ᠬᠡᠷᠡᠭᠲᠡᠢ ᠭᠡᠵᠤ ᠱᠠᠭᠠᠷᠳᠠᠪᠠ᠃         ᠮᠡᠳᠡᠭᠳᠡᠯ ᠳᠤ᠂ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠵᠢᠷᠤᠮᠵᠢᠭᠤᠯᠤᠨ ᠳᠠᠩᠰᠠᠯᠠᠬᠤ ᠪᠤᠯ ᠠᠵᠢᠯ ᠤᠯᠤᠭᠰᠠᠨ ᠢᠶᠠᠨ ᠪᠦᠷᠢᠳᠬᠡᠬᠦᠯᠬᠦ ᠦᠨᠡᠮᠯᠡᠯ ᠢ ᠬᠦᠴᠦᠨ ᠦᠬᠡᠢ ᠪᠤᠯᠭᠠᠬᠤ ᠦᠬᠡᠷᠡᠴᠢᠯᠡᠯᠲᠡ  ᠶᠢᠨ ᠰᠢᠨ᠎ᠡ ᠱᠠᠭᠠᠷᠳᠠᠯᠭ᠎ᠠ ᠮᠦᠨ᠂ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠤᠨ ᠠᠵᠢᠯ ᠤᠯᠤᠭᠰᠠᠨ ᠪᠠᠶᠢᠳᠠᠯ ᠢ ᠪᠤᠰᠤᠳᠴᠢ ᠪᠠᠷ ᠲᠤᠰᠬᠠᠬᠤ ᠰᠠᠭᠤᠷᠢ ᠠᠵᠢᠯ ᠮᠦᠨ᠂ ᠲᠡᠳᠡᠨᠠᠷ ᠤᠨ ᠡᠷᠤᠬᠡ ᠠᠮᠠ ᠶᠢᠨ ᠳᠠᠩᠰᠠ ᠪᠤᠯᠤᠨ ᠳᠠᠩᠰᠠ ᠡᠪᠬᠡᠮᠡᠯ ᠢ ᠰᠢᠯᠵᠢᠬᠦᠯᠦᠨ ᠦᠭᠴᠦ ᠬᠦᠯᠢᠶᠡᠨ ᠠᠪᠬᠤ ᠶᠢᠨ ᠴᠢᠬᠤᠯᠠ ᠦᠨᠳᠦᠰᠦ ᠪᠠᠷᠢᠮᠲᠠ ᠮᠦᠨ᠃ ᠰᠤᠷᠭᠠᠨ ᠬᠦᠮᠦᠵᠢᠯ ᠤᠨ ᠶᠠᠮᠤᠨ ᠠᠴᠠ ᠰᠤᠷᠤᠭᠴᠢ ᠶᠢᠨ ᠦᠢᠯᠡᠴᠢᠯᠡᠭᠡ ᠪᠠ ᠬᠡᠪ ᠴᠢᠨᠠᠷ ᠤᠨ ᠬᠦᠭᠵᠢᠯᠲᠡ ᠶᠢᠨ ᠲᠦᠪ ᠲᠤ ᠨᠠᠶᠢᠳᠠᠵᠤ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠦᠪᠡᠰᠦᠬᠡᠨ ᠲᠡᠮᠳᠡᠭᠯᠡᠬᠦ᠂ ᠨᠤᠲᠠᠯᠠᠬᠤ ᠪᠠ ᠪᠠᠶᠢᠴᠠᠭᠠᠨ ᠯᠠᠪᠯᠠᠵᠤ ᠬᠠᠷᠭᠤᠭᠤᠯᠤᠨ ᠰᠢᠯᠭᠠᠬᠤ ᠴᠢᠳᠠᠮᠵᠢ ᠪᠦᠬᠦᠢ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠬᠦ ᠰᠢᠰᠲ᠋ᠧᠮ ᠢ ᠪᠠᠶᠢᠭᠤᠯᠪᠠ᠂ ᠡᠯ᠎ᠡ ᠭᠠᠵᠠᠷ ᠡᠯ᠎ᠡ ᠶᠡᠭᠡ ᠳᠡᠭᠡᠳᠤ ᠰᠤᠷᠭᠠᠭᠤᠯᠢ ᠨᠤᠭᠤᠳ ᠠᠯᠢ ᠲᠦᠷᠬᠡᠨ ᠢᠶᠠᠷ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ 2023 ᠤᠨ ᠳᠤ᠂ ᠡᠯ᠎ᠡ ᠮᠤᠵᠢ ᠶᠢᠨ ᠱᠠᠲᠤᠨ ᠤ ᠠᠵᠢᠯ ᠤᠯᠭᠤᠯᠲᠠ ᠶᠢᠨ ᠠᠵᠢᠯ ᠤᠨ ᠰᠠᠯᠠᠭ᠎ᠠ ᠮᠦᠴᠢᠷ ᠤᠳ ᠪᠦᠬᠦ ᠤᠯᠤᠰ ᠤᠨ ᠳᠠᠩᠰᠠᠯᠠᠨ ᠲᠡᠮᠳᠡᠭᠯᠡᠬᠦ ᠰᠢᠰᠲ᠋ᠧᠮ ᠢ ᠰᠤᠩᠭᠤᠨ ᠬᠡᠷᠡᠭᠯᠡᠬᠦ ᠪᠤᠶᠤ ᠮᠤᠵᠢ ᠶᠢᠨ ᠱᠠᠲᠤᠨ ᠤ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠬᠦ ᠰᠢᠰᠲ᠋ᠧᠮ ᠢ ᠬᠡᠷᠡᠭᠯᠡᠵᠤ ᠪᠤᠯᠤᠨ᠎ᠠ ᠬᠡᠵᠡᠢ᠃         ᠮᠡᠳᠡᠭᠳᠡᠯ ᠳᠤ᠂ ᠶᠡᠭᠡ ᠳᠡᠭᠡᠳᠤ ᠰᠤᠷᠭᠠᠭᠤᠯᠢ ᠨᠤᠭᠤᠳ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠡᠭᠦᠰᠦᠭᠰᠡᠳ ᠤᠨ ᠰᠤᠷᠭᠠᠭᠤᠯᠢ ᠠᠴᠠ ᠰᠠᠯᠬᠤ ᠦᠶ᠎ᠡ ᠶᠢᠨ ᠳᠠᠩᠰᠠ ᠡᠪᠬᠡᠮᠡᠯ ᠪᠠ ᠡᠷᠦᠬᠡ ᠠᠮᠠ ᠶᠢ ᠰᠢᠯᠵᠢᠬᠦᠯᠬᠦ ᠵᠡᠷᠭᠡ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠲᠡᠢ᠃ ᠲᠡᠭᠦᠰᠦᠭᠰᠡᠳ ᠤᠨ ᠳᠠᠩᠰᠠ ᠡᠪᠬᠡᠮᠡᠯ ᠢ ᠰᠢᠯᠵᠢᠬᠦᠯᠬᠦ ᠳᠤ᠂ ᠠᠵᠢᠯ ᠤᠯᠤᠭᠰᠠᠨ ᠨᠢᠭᠡᠴᠢ᠂ ᠳᠠᠮᠵᠢᠭᠤᠯᠤᠨ ᠬᠦᠷᠬᠡᠬᠦ ᠳ᠋ᠤᠭᠠᠷ ᠵᠡᠷᠭᠡ ᠮᠡᠳᠡᠭᠡ ᠵᠠᠩᠭᠢ ︵ᠪᠦᠬᠦ ᠤᠯᠤᠰ ᠤᠨ ᠳᠠᠩᠰᠠᠯᠠᠨ ᠲᠡᠮᠳᠡᠭᠯᠡᠬᠦ ᠰᠢᠰᠲ᠋ᠧᠮ ᠠᠴᠠ ᠪᠠᠭᠤᠯᠭᠠᠨ ᠠᠪᠴᠤ ᠪᠤᠯᠤᠨ᠎ᠠ︶ ᠶᠢ ᠳᠠᠩᠰᠠ ᠡᠪᠬᠡᠮᠡᠯ ᠢ ᠬᠦᠯᠢᠶᠡᠨ ᠠᠪᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠠᠩᠭᠠᠬᠤ ᠬᠡᠷᠡᠭᠲᠡᠢ ᠬᠡᠵᠤ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号