ᠬᠤᠩᠭᠤᠷ ᠰᠤᠮᠤᠨ ᠤ ᠬᠤᠰᠢᠭᠤ ᠠᠷᠠᠳ ᠤᠨ ᠲᠦᠯᠦᠬᠡᠯᠡᠭᠴᠢ ᠤᠶᠤᠩᠬᠤᠸᠠᠷ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠳ ᠢ ᠳᠤᠬᠤᠨᠢᠭᠤᠯᠵᠤ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2023/7/18
     ᠤᠶᠢᠷ᠎ᠠ ᠳᠤ᠂ ᠬᠤᠩᠭᠤᠷ ᠰᠤᠮᠤᠨ ᠤ ᠬᠤᠰᠢᠭᠤ ᠳᠡᠰ ᠤᠨ ᠠᠷᠠᠳ ᠤᠨ ᠲᠦᠯᠦᠬᠡᠯᠡᠭᠴᠢ ᠤᠶᠤᠩᠬᠤᠸᠠᠷ ᠰᠦᠨᠢᠳ ᠵᠡᠬᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠲᠤ ᠬᠦᠷᠴᠦ ᠳᠤᠬᠤᠨᠢᠭᠤᠯᠬᠤ ᠠᠵᠢᠯᠯᠠᠭ᠎ᠠ ᠦᠷᠨᠢᠬᠦᠯᠪᠡ᠃     ᠨᠠᠰᠤᠲᠠᠳ ᠢ ᠠᠰᠠᠷᠠᠬᠤ ᠬᠦᠷᠢᠶᠡᠯᠡᠩ ᠳᠤ᠂ ᠲᠡᠷᠡ ᠨᠠᠰᠤᠲᠠᠳ ᠲᠠᠢ ᠲᠤᠳᠤᠨᠤ ᠪᠠᠷ ᠶᠠᠷᠢᠯᠴᠠᠵᠤ᠂ ᠲᠡᠳᠡᠨ ᠤ ᠬᠦᠰᠡᠯ ᠱᠠᠭᠠᠷᠳᠠᠯᠭ᠎ᠠ ᠪᠠ ᠰᠡᠳᠬᠢᠯ ᠤᠨ ᠳᠠᠭᠤᠨ ᠢ ᠰᠤᠨᠤᠰᠴᠤ᠂ ᠲᠡᠳᠡᠨ ᠤ ᠠᠮᠢᠳᠤᠷᠠᠯ᠂ ᠪᠡᠶ᠎ᠡ ᠶᠢᠨ ᠪᠠᠶᠢᠳᠠᠯ ᠢ ᠨᠠᠷᠢᠨ ᠠᠰᠠᠭᠤᠭᠰᠠᠨ ᠪᠦᠬᠡᠳ ᠬᠤᠪᠢ ᠬᠦᠮᠦᠨ ᠠᠴᠠ ᠪᠠᠨ ᠨᠠᠰᠤᠲᠠᠨ ᠢ ᠠᠰᠠᠷᠠᠬᠤ ᠬᠦᠷᠢᠶᠡᠯᠡᠩ ᠳᠤ ᠨᠢᠬᠡ ᠬᠤᠨᠢ ᠬᠠᠨᠳᠢᠪᠯᠠᠵᠤ᠂ ᠪᠤᠳᠠᠳᠤ ᠠᠵᠢᠯᠯᠠᠭ᠎ᠠ ᠪᠠᠷ ᠢᠶᠠᠨ ᠠᠷᠠᠳ ᠤᠨ ᠲᠦᠯᠦᠬᠡᠯᠡᠭᠴᠢ ᠶᠢᠨ ᠬᠤᠪᠢ ᠨᠡᠮᠡᠷᠢ ᠪᠠ ᠬᠠᠷᠢᠭᠤᠴᠠᠯᠭ᠎ᠠ ᠡᠭᠦᠷᠬᠡᠯᠡᠬᠦ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠪᠡ᠃     ᠲᠡᠷᠡ᠄ ︽ᠪᠤᠶᠠᠨ ᠤ ᠦᠢᠯᠡᠰ ᠲᠤ ᠶᠡᠭᠡ ᠪᠠᠭ᠎ᠠ ᠬᠡᠵᠤ ᠬᠤᠪᠢᠶᠠᠳᠠᠭ ᠦᠬᠡᠢ᠂ ᠡᠨᠡ ᠨᠢ ᠵᠦᠪᠬᠡᠨ ᠮᠢᠨᠤ ᠬᠤᠪᠢ ᠬᠦᠮᠦᠨ ᠤ ᠦᠴᠦᠬᠡᠨ ᠰᠡᠳᠬᠢᠯ ᠶᠤᠮ ᠡ︕︾ ᠬᠡᠵᠡᠢ᠃ ᠤᠶᠤᠩᠬᠤᠸᠠᠷ ᠪᠤᠯ ᠬᠤᠩᠭᠤᠷ ᠰᠤᠮᠤᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶᠠᠨ ᠤ ᠠᠵᠢᠯᠲᠠᠨ᠂ ᠮᠦᠨ ᠴᠦ ᠰᠦᠨᠢᠳ ᠵᠡᠬᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠪᠤᠯᠤᠨ᠎ᠠ᠃ ᠲᠡᠷᠡ ᠨᠢᠬᠡᠨ ᠺᠠᠳᠠᠷ ᠠᠵᠢᠯᠲᠠᠨ ᠪᠤᠯᠤᠭᠰᠠᠨ ᠤ ᠬᠤᠪᠢ ᠳᠤ᠂ ᠠᠵᠢᠯ ᠳᠠᠭᠠᠨ ᠦᠨᠡᠨᠴᠢ᠂ ᠬᠢᠨᠠᠮᠠᠭᠠᠢ ᠬᠠᠷᠢᠭᠤᠴᠠᠯᠭ᠎ᠠ ᠲᠠᠢ ᠪᠠᠶᠢᠵᠤ᠂ ᠨᠢᠬᠡᠨ ᠠᠷᠠᠳ ᠤᠨ ᠲᠦᠯᠦᠬᠡᠯᠡᠭᠴᠢ ᠪᠤᠯᠤᠭᠰᠠᠨ ᠤ ᠬᠤᠪᠢ ᠳᠤ᠂ ᠦᠷᠬᠦᠯᠵᠢ ᠤᠯᠠᠨ ᠲᠦᠮᠡᠨ ᠤ ᠳᠤᠮᠳᠠ ᠬᠦᠨᠵᠡᠭᠡᠶᠢᠷᠡᠵᠤ᠂ ᠠᠷᠠᠳ ᠤᠨ ᠪᠠᠶᠢᠳᠠᠯ ᠢ ᠤᠶᠢᠯᠠᠭᠠᠵᠤ᠂ ᠢᠳᠡᠪᠬᠢᠲᠡᠢ ᠪᠠᠷ ᠠᠷᠠᠳ  ᠤᠨ ᠲᠦᠯᠦᠬᠡᠯᠡᠭᠴᠢᠳ ᠤᠨ ᠶᠡᠭᠡ ᠬᠤᠷᠠᠯ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠵᠤ ᠦᠭᠳᠡᠭ᠃     ᠡᠨᠡ ᠤᠳᠠᠭᠠᠨ ᠤ ᠠᠵᠢᠯᠯᠠᠭ᠎ᠠ ᠨᠢ ᠠᠷᠠᠳ ᠤᠨ ᠲᠦᠯᠦᠬᠡᠯᠡᠭᠴᠢ ᠪᠤᠯᠤᠨ ᠠᠷᠠᠳ ᠤᠯᠠᠨ ᠤ ᠬᠤᠭᠤᠷᠤᠨᠳᠤᠬᠢ ᠵᠠᠢ ᠶᠢ ᠪᠠᠭᠠᠰᠬᠠᠵᠤ᠂ ᠤᠯᠠᠨ ᠲᠦᠮᠡᠨ ᠳᠤ ᠬᠦᠨ ᠵᠤᠵᠠᠭᠠᠨ ᠬᠠᠶᠢᠷ᠎ᠠ ᠬᠠᠯᠠᠮᠵᠢ ᠶᠢ ᠬᠦᠷᠲᠡᠬᠡᠵᠤ᠂ ᠨᠠᠰᠤᠲᠠᠨ ᠢᠶᠠᠨ ᠬᠦᠨᠳᠦᠯᠠᠵᠤ ᠨᠢᠯᠬᠠᠰ ᠢᠶᠠᠨ ᠬᠠᠶᠢᠷᠠᠯᠠᠬᠤ ᠤᠯᠠᠮᠵᠢᠯᠠᠯ ᠢ ᠬᠠᠷᠠᠭᠤᠯᠵᠤ ᠴᠢᠳᠠᠭᠰᠠᠨ ᠪᠠᠶᠢᠨ᠎ᠠ᠃ ᠡᠬᠦᠨ ᠤ ᠬᠠᠮᠲᠤ᠂ ᠠᠷᠠᠳ ᠤᠨ ᠲᠦᠯᠦᠬᠡᠯᠡᠭᠴᠢᠳ ᠤᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠨ ᠤᠶᠢᠯᠠᠭᠠᠬᠤ ᠶᠢ ᠠᠬᠢᠭᠤᠯᠵᠤ᠂ ᠠᠷᠠᠳ ᠤᠨ ᠲᠦᠯᠦᠬᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠬᠦᠢᠴᠡᠳᠬᠡᠬᠦ ᠳᠤ ᠠᠰᠢᠭᠲᠠᠢ ᠪᠤᠯᠭᠠᠪᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠤᠩᠭᠤᠷ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号