ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠪᠣᠷᠳᠤᠭ᠎ᠠ ᠶᠢ ᠬᠥᠷᠭᠡᠵᠤ ᠮᠠᠯᠴᠢᠤᠨ ᠤᠨ ᠲᠤᠯᠭᠠᠮ᠎ᠠ ᠠᠰᠠᠭᠤᠲᠠᠯ ᠢ ᠰᠢᠢᠤᠨᠪᠥᠷᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2023/7/19
    7 ᠳ᠋ᠤᠭᠠᠷ ᠰᠠᠷ᠎ᠠ ᠶᠢᠨ 5 ᠤ ᠡᠳᠦᠷ ᠠᠴᠠ 6 ᠤ ᠡᠳᠦᠷ ᠪᠤᠯᠲᠠᠯ᠎ᠠ ᠰᠢᠯᠢ ᠶᠢᠨ ᠭᠤᠣᠯ ᠠᠶᠢᠮᠠᠭ ᠤᠨ ᠴᠠᠭ ᠠᠭᠤᠷ ᠤᠨ ᠲᠣᠪᠴᠢᠶ᠎ᠠ ᠪᠣᠯᠤᠨ ᠮᠠᠨ ᠤ ᠬᠤᠰᠢᠭᠤᠨ ᠤ ᠴᠠᠭ ᠠᠭᠤᠷ ᠤᠨ ᠲᠣᠪᠴᠢᠶ᠎ᠠ ᠨᠢ ᠪᠠᠶ᠋ᠬᠠᠭᠤᠯᠠ ᠰᠤᠮᠤᠨ ᠤ ᠰᠠᠷᠠᠭᠤᠯᠲᠤᠶᠠᠭ᠎ᠠ ᠭᠠᠴᠠᠭᠠᠨ ᠳᠤ ᠭᠦᠨᠵᠡᠭᠡᠶᠢᠷᠡᠵᠦ᠂ ᠮᠠᠯᠴᠢᠨ ᠲᠦᠮᠡᠨ ᠤ ᠡᠪᠡᠰᠦ ᠪᠣᠷᠳᠤᠭ᠎ᠠ ᠬᠤᠳᠠᠯᠳᠤᠨ ᠠᠪᠬᠤ᠂ ᠨᠥᠭᠡᠴᠡᠯᠡᠬᠦ ᠪᠠ ᠮᠠᠯ ᠤᠨ ᠭᠠᠷᠭᠠᠯᠲᠠ ᠵᠢᠴᠢ ᠠᠭᠤᠷ ᠠᠮᠢᠰᠬᠤᠯ ᠭᠠᠩ ᠬᠠᠭᠤᠷᠠᠶ ᠵᠡᠷᠭᠡ ᠪᠠᠶᠢᠳᠠᠯ ᠢ ᠣᠶᠢᠯᠠᠭᠠᠭᠰᠠᠨ  ᠤ ᠳᠠᠷᠠᠭ᠎ᠠ᠂ ᠪᠠᠶ᠋ᠬᠠᠭᠤᠯᠠ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠭᠠᠴᠠᠭᠠᠨ ᠤ ︽ᠬᠤᠶᠠᠷ ᠵᠥᠪᠯᠡᠯ︾ ᠲᠠᠢ ᠬᠠᠷᠢᠯᠴᠠᠵᠤ᠂ ︽ᠬᠦᠴᠢᠷᠳᠡᠯ ᠲᠤᠯᠭᠠᠷᠠᠪᠠᠯ ᠲᠠᠯ᠎ᠠ ᠪᠥᠷᠢ ᠠᠴᠠ ᠳᠡᠮᠵᠢᠬᠦ︾ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠳᠡᠯᠬᠡᠷᠡᠬᠦᠯᠵᠤ᠂ ᠪᠠᠶ᠋ᠬᠠᠭᠤᠯᠠ ᠰᠤᠮᠤᠨ ᠤ ᠰᠠᠷᠠᠭᠤᠯᠲᠤᠶᠠᠭ᠎ᠠ ᠭᠠᠴᠠᠭᠠᠨ ᠤ 11 ᠶᠠᠳᠠᠭᠤ ᠠᠴᠠ ᠠᠩᠭᠢᠵᠢᠷᠠᠭᠰᠠᠨ ᠡᠷᠦᠬᠡ ᠳᠤ 33 ᠲᠣᠨ ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠪᠣᠷᠳᠤᠭ᠎ᠠ  ᠶᠢ ᠡᠷᠦᠬᠡ ᠪᠦᠷᠢ ᠳᠤ 3 ᠲᠣᠨ ᠬᠠᠨᠳᠢᠪᠯᠠᠵᠤ ᠥᠭᠭᠦᠭᠰᠡᠨ ᠪᠠᠶᠢᠨ᠎ᠠ᠃     ᠲᠤᠬᠠᠢ ᠶᠢᠨ ᠲᠠᠯᠠᠪᠠᠢ ᠳᠤ᠂ ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠪᠣᠷᠳᠤᠭ᠎ᠠ ᠠᠪᠬᠤ ᠪᠠᠷ ᠢᠷᠡᠭᠰᠡᠨ ᠮᠠᠯᠴᠢᠳ ᠡᠮᠬᠢ ᠵᠢᠷᠤᠮ ᠲᠠᠢ ᠪᠠᠷ ᠲᠡᠭᠡᠭᠡᠪᠦᠷᠢᠯᠡᠵᠦ᠂ ᠪᠦᠷᠢᠳᠬᠡᠵᠦ᠂ ᠬᠠᠷᠭᠤᠯᠬᠤ ᠵᠡᠷᠭᠡ ᠠᠵᠢᠯ ᠳᠤ ᠶᠠᠭᠠᠷᠠᠵᠤ ᠪᠠᠶᠢᠯ᠎ᠠ᠃ ᠲᠠᠷᠠᠭᠠᠴᠢ ᠶᠢᠨ ᠠᠯᠬᠤᠮ ᠳᠤ ᠪᠠᠶ᠋ᠬᠠᠭᠤᠯᠠ ᠰᠤᠮᠤ ᠭᠠᠩ ᠬᠠᠭᠰᠠᠷᠠᠭᠠᠨ ᠤ ᠪᠠᠶᠢᠲᠠᠯ ᠢ ᠥᠷᠭᠦᠯᠵᠢᠯᠠᠨ ᠠᠩᠬᠠᠷᠴᠤ᠂ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠭ ᠢ ᠪᠠᠭᠠᠰᠬᠠᠬᠤ ᠠᠵᠢᠯ ᠢ ᠥᠷᠭᠦᠯᠵᠢᠯᠠᠨ ᠰᠠᠶᠢᠲᠤᠷ ᠬᠢᠵᠤ᠂ ᠮᠠᠯᠴᠢᠤᠨ ᠢ ᠵᠢᠯᠤᠭᠤᠲᠤᠨ ᠭᠠᠮᠰᠢᠭ ᠢ ᠰᠡᠷᠭᠡᠶᠢᠯᠠᠵᠤ ᠭᠠᠮᠰᠢᠭ ᠢ ᠪᠠᠭᠠᠰᠬᠠᠬᠤ ᠪᠠ ᠣᠶᠢᠯᠠᠤᠨᠪᠥᠷᠢᠯᠠᠯ ᠢᠶᠠᠷ ᠥᠪᠡᠷ ᠢ ᠪᠠᠨ ᠠᠪᠤᠷᠠᠬᠤ ᠠᠵᠢᠯ ᠢ ᠰᠠᠶᠢᠲᠤᠷ ᠬᠢᠵᠤ᠂ ᠭᠠᠩ ᠬᠠᠭᠰᠠᠷᠠᠭᠠᠨ ᠠᠴᠠ ᠪᠤᠯᠤᠭᠰᠠᠨ ᠬᠤᠬᠢᠷᠠᠯ ᠢ ᠪᠠᠭᠠᠰᠬᠠᠨ᠂ ᠮᠠᠯᠴᠢᠤᠨ ᠤᠨ ᠤᠶᠢᠯᠡᠤᠨᠪᠥᠷᠢᠯᠠᠯ ᠠᠮᠢᠲᠤᠷᠠᠯ ᠢ ᠪᠥᠬᠦ ᠬᠥᠴᠤᠨ ᠢᠶᠠᠷ ᠢᠶᠠᠨ ᠪᠠᠲᠤᠯᠠᠬᠤ ᠪᠠᠷ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号