ᠮᠠᠨ ᠤ ᠬᠤᠰᠢᠭᠤ ᠵᠠᠯᠠᠭᠤᠴᠤᠤᠨ ᠪᠠᠭᠠᠴᠤᠤᠨ ᠤᠨ ᠲᠤᠮᠲᠠᠲᠤ ᠶᠢᠨ ᠥᠨᠲᠤᠰᠤᠲᠠᠨ ᠤ ᠬᠠᠮᠲᠤ ᠶᠢᠨ ᠴᠤᠭᠴᠠ ᠎ ᠶᠢᠨ ᠤᠬᠠᠮᠰᠠᠷ ᠢ ᠪᠠᠲᠤ ᠪᠠᠬᠢᠵᠢᠭᠦᠯᠬᠦ ᠮᠡᠲᠡᠯᠭᠡ ᠶᠢᠨ ᠤᠷᠤᠯᠲᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/7/28
    7 ᠳ᠋ᠤᠭᠠᠷ ᠰᠠᠷ᠎ᠠ ᠶᠢᠨ 7᠎ ᠤ ᠡᠲᠤᠷ᠂ ᠬᠤᠰᠢᠭᠤ ᠥᠨᠲᠤᠰᠤᠲᠠᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠤᠵᠢᠯ ᠤᠨ ᠲᠤᠪᠴᠢᠶ᠎ᠠ᠂ ᠡᠪᠯᠡᠯ ᠤᠨ ᠬᠤᠷᠢᠶ᠎ᠠ ᠠᠴᠠ ᠭᠤᠤᠯᠯᠠᠨ ᠡᠷᠬᠢᠯᠠᠵᠤ᠂ ᠶᠡᠷᠤᠩᠬᠡᠶᠢᠯᠡᠭᠰᠡᠨ ᠲᠡᠭᠡᠲᠤ ᠵᠡᠷᠭᠡ ᠎ ᠶᠢᠨ ᠲᠤᠮᠲᠠᠲᠤ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ︽ᠠᠨᠠᠷ ᠤᠨ ᠥᠷ᠎ᠡ ᠮᠡᠲᠤ ᠨᠢᠭᠲᠠᠷᠠᠨ ᠬᠠᠮᠲᠤ ᠪᠠᠷ ᠬᠥᠰᠡᠯ ᠢᠶᠠᠨ ᠪᠡᠶᠡᠯᠡᠭᠦᠯᠤᠶ᠎ᠡ︾ ᠭᠡᠬᠦ ᠵᠠᠯᠠᠭᠤᠴᠤᠤᠨ ᠪᠠᠭᠠᠴᠤᠤᠨ ᠤᠨ ᠲᠤᠮᠲᠠᠲᠤ ᠶᠢᠨ ᠥᠨᠲᠤᠰᠤᠲᠠᠨ ᠤ ᠬᠠᠮᠲᠤ ᠎ ᠶᠢᠨ ᠴᠤᠭᠴᠠ ᠶᠢᠨ ᠤᠬᠠᠮᠰᠠᠷ ᠢ ᠪᠠᠲᠤ ᠪᠠᠬᠢᠵᠢᠭᠦᠯᠬᠦ ᠮᠡᠲᠡᠯᠭᠡ ᠶᠢᠨ ᠤᠷᠤᠯᠲᠤᠭᠠᠨ ᠤ ᠰᠢᠢᠤᠨᠪᠥᠷᠢᠲᠤ ᠤᠷᠤᠯᠲᠤᠭᠠᠨ ᠶᠡᠷᠤᠩᠬᠡᠶᠢᠯᠡᠭᠰᠡᠨ ᠲᠡᠭᠡᠲᠤ ᠵᠡᠷᠭᠡ ᠶᠢᠨ ᠲᠤᠮᠲᠠᠲᠤ ᠰᠤᠷᠭᠠᠭᠤᠯᠢ ᠳᠤ ᠶᠠᠪᠤᠭᠲᠠᠪᠠ᠃     ᠤᠷᠤᠯᠲᠤᠭᠠᠨ ᠳᠤ᠂ ᠪᠥᠬᠦ ᠬᠤᠰᠢᠭᠤᠨ ᠤ 3 ᠳᠤᠮᠳᠠᠳᠤ ᠰᠤᠷᠭᠠᠭᠤᠯᠢ ᠶᠢᠨ 18 ᠤᠷᠤᠯᠴᠠᠭᠴᠢ ᠰᠢᠢᠤᠨᠪᠥᠷᠢᠲᠤ ᠤᠷᠤᠯᠳᠤᠭᠠᠨ ᠳᠤ ᠤᠷᠤᠯᠴᠠᠵᠤ᠂ ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢᠲᠦ ᠰᠡᠳᠦᠪ ᠪᠠ ᠦᠵᠡᠭᠴᠢᠳ ᠤᠨ ᠬᠠᠷᠢᠭᠤᠯᠬᠤ ᠰᠡᠳᠦᠪ ᠵᠡᠷᠭᠡ ᠠᠭᠤᠯᠭ᠎ᠠ ᠶᠢ ᠲᠣᠬᠢᠷᠠᠭᠤᠯᠵᠤ᠂ ᠤᠷᠤᠯᠴᠠᠭᠴᠢ ᠨᠠᠷ ᠯᠠᠪᠳᠠᠭᠤᠨ ᠲᠤᠭᠲᠠᠭᠤᠨ ᠢᠶᠠᠷ ᠨᠢᠮᠪᠠᠶ ᠰᠠᠤᠨᠬᠢᠨ ᠬᠠᠷᠢᠭᠤᠯᠵᠤ᠂ ᠣᠨᠣᠯ ᠤᠨ ᠰᠠᠭᠤᠷᠢ ᠪᠠ ᠮᠡᠳᠡᠯᠭᠡ ᠪᠠᠨ ᠮᠥᠷᠦ᠋ᠢᠴᠠᠨ ︽ᠰᠤᠷᠤᠯᠴᠠᠯᠭ᠎ᠠ ᠪᠠᠨ ᠠᠳᠠᠯᠢᠳᠬᠠᠬᠤ ᠪᠠ ᠮᠥᠷᠦ᠋ᠢᠴᠠᠨ ᠲᠡᠮᠡᠴᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃     ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠹᠧᠩ ᠷᠦᠢ ᠪᠥᠸᠧ᠂ ᠰᠦᠶ ᠵᠢᠶᠠ ᠢ᠂ ᠸᠠᠩ ᠶᠠ ᠹᠧᠩ ᠲᠡᠷᠢᠭᠦᠯᠠᠵᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠩ ᠲᠢᠶᠠᠨ ᠢ᠂ ᠸᠠᠩ ᠶᠠᠨ᠂ ᠵᠠᠩ ᠶᠢᠨ ᠫᠧᠩ ᠬᠤᠶᠠᠲᠤᠭᠠᠷ ᠲᠤ ᠤᠷᠤᠵᠤ᠂ ᠶᠡᠷᠦᠩᠬᠡᠶᠢᠯᠡᠭᠰᠡᠨ ᠲᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠩ ᠱᠢ ᠵᠢᠶᠠ᠂ ᠸᠠᠩ ᠶᠤᠸᠠᠢ ᠲᠢᠩ᠂ ᠸᠠᠩ ᠶᠤᠸᠠᠢ ᠴᠢᠨ ᠭᠤᠷᠪᠠᠲᠤᠭᠠᠷ ᠲᠤ ᠤᠷᠤᠵᠤ᠂ ᠬᠠᠮᠲᠤ ᠨᠢᠭᠡᠴᠡ ᠶᠢᠨ ᠤᠷᠤᠯᠲᠤᠭᠠᠨ ᠳᠤ ᠬᠤᠶᠠᠳᠤᠭᠠᠷ ᠳᠤᠮᠳᠠᠳᠤ ᠰᠤᠷᠭᠠᠭᠤᠯᠢ ᠨᠢᠭᠡᠳᠦᠭᠡᠷ ᠨᠡᠷ᠎ᠡ᠂ ᠶᠡᠷᠦᠩᠬᠡᠶᠢᠯᠡᠭᠰᠡᠨ ᠲᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠬᠤᠶᠠᠳᠤᠭᠠᠷ ᠨᠡᠷ᠎ᠡ᠂ ᠨᠢᠭᠡᠳᠦᠭᠡᠷ ᠳᠤᠮᠳᠠᠳᠤ ᠰᠤᠷᠭᠠᠭᠤᠯᠢ ᠭᠤᠷᠪᠠᠳᠤᠭᠠᠷ ᠨᠡᠷ᠎ᠡ ᠳᠤ ᠲᠤᠰ ᠲᠤᠰ ᠤᠷᠤᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号