ᠣᠯᠣᠰ ᠲᠥᠷᠤ ᠶᠢᠨ ᠵᠥᠪᠯᠡᠯᠭᠡᠨ ᠤ ᠰᠥᠨᠢᠤᠨ ᠵᠡᠭᠦᠨ ᠬᠤᠰᠢᠭᠤᠨ ᠤ ᠠᠷᠪᠠᠨ ᠨᠢᠭᠡᠲᠤᠭᠡᠷ ᠬᠤᠭᠤᠴᠠᠭᠠᠨ  ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠲᠤᠯᠤᠲᠤᠭᠠᠷ ᠤᠲᠠᠭᠠᠨ ᠤ ᠬᠤᠷᠠᠯ ᠵᠢᠴᠢ ᠵᠠᠰᠠᠭ ᠤᠨ ᠶᠠᠪᠤᠲᠠᠯ ᠢ ᠵᠥᠪᠯᠡᠬᠦ ᠵᠥᠪᠲᠡᠯᠴᠡᠭᠡᠨ ᠤ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2023/7/28
        7 ᠳ᠋ᠤᠭᠠᠷ ᠰᠠᠷ᠎ᠠ ᠶᠢᠨ 10 ᠤ ᠡᠲᠤᠷ᠂ ᠤᠯᠤᠰ ᠲᠦᠷᠦ ᠶᠢᠨ ᠵᠥᠪᠯᠡᠯᠭᠡᠨ ᠤ ᠰᠥᠨᠢᠳ ᠵᠡᠭᠦᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠤᠲᠠᠭᠠᠨ ᠤ ᠬᠤᠷᠠᠯ ᠵᠢᠴᠢ ᠵᠠᠰᠠᠭ ᠤᠨ ᠶᠠᠪᠤᠳᠠᠯ ᠢ ᠵᠥᠪᠯᠡᠬᠦ ᠵᠥᠪᠲᠡᠯᠴᠡᠭᠡᠨ ᠤ ᠬᠤᠷᠠᠯ ᠬᠤᠷᠠᠯᠲᠤᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶ ᠬᠤᠷᠠᠯ ᠡᠷᠬᠢᠯᠠᠵᠤ᠂ ᠬᠤᠰᠢᠭᠤ ᠲᠡᠳ᠋ ᠲᠠᠷᠤᠭ᠎ᠠ ᠪᠠᠬᠢᠵᠢᠯᠲᠤ ᠤᠷᠢᠯᠭ᠎ᠠ ᠪᠠᠷ ᠬᠤᠷᠠᠯ ᠳᠤ ᠣᠷᠣᠯᠴᠠᠵᠠᠶ᠃         ᠬᠤᠷᠠᠯ ᠳᠤ ᠣᠷᠣᠯᠴᠠᠬᠤ ᠶᠣᠰᠣᠲᠠᠶ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 23 ᠬᠥᠮᠦᠨ ᠪᠠᠶᠢᠵᠤ᠂ 20 ᠬᠥᠮᠦᠨ ᠪᠣᠳᠠᠲᠠᠶ ᠤᠷᠤᠯᠴᠠᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠣᠭᠠᠨ ᠤ ᠬᠠᠷᠢᠴᠠᠯ ᠳᠤ ᠨᠠᠶᠢᠴᠡᠭᠰᠡᠨ ᠪᠠᠶᠢᠨ᠎ᠠ᠃         ᠬᠤᠷᠠᠯ ᠠᠴᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ︽ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ︾ ᠤᠨ ᠮᠡᠲᠡᠭᠦᠯᠤᠯᠲᠡ ᠶᠢ ᠰᠤᠨᠤᠰᠴᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠠ ︽ᠴᠢᠳᠠᠪᠤᠷᠢᠲᠠᠨ ᠢ ᠬᠥᠮᠦᠵᠢᠭᠦᠯᠵᠦ᠂ ᠤᠷᠢᠨ ᠠᠪᠴᠢᠷᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠬᠦ︾ ᠰᠡᠳᠦᠪ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠵᠥᠪᠯᠡᠬᠦ ᠵᠥᠪᠯᠡᠯᠭᠡ ᠬᠢᠵᠦ᠂ ᠠᠵᠢᠯᠳᠠᠨ ᠢ ᠲᠤᠰᠢᠶᠠᠯ ᠳᠤ ᠲᠣᠮᠢᠯᠠᠵᠤ ᠪᠠᠭᠤᠯᠭᠠᠬᠤ᠂ ᠭᠡᠰᠢᠭᠦᠨ ᠢ ᠨᠡᠮᠡᠵᠦ ᠰᠤᠩᠭᠤᠬᠤ ᠪᠠ ᠲᠤᠰᠢᠶᠠᠯ ᠠᠴᠠ ᠨᠢ ᠪᠠᠭᠤᠯᠭᠠᠬᠤ ᠶᠠᠪᠤᠳᠠᠯ ᠢ ᠬᠢᠨᠠᠨ ᠵᠥᠪᠯᠡᠵᠦ ᠪᠠᠲᠤᠯᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ᠂ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃         ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠪᠥᠯᠭᠦᠮ ᠤᠨ ᠭᠡᠰᠢᠭᠦᠨ᠂ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号