ᠳᠠᠯᠠᠢ ᠰᠤᠮᠤ ᠬᠡᠪ ᠵᠠᠩᠰᠢᠯ ᠢ ᠦᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠪᠡ
ᠨᠡᠶᠢᠲᠡᠯᠡᠭᠰᠡᠨ ᠴᠠᠭ᠄
2023/8/2
     ᠨᠡᠶᠢᠬᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠤᠯᠠᠮ ᠨᠢᠬᠡ ᠠᠯᠬᠤᠮ ᠪᠠᠳᠠᠷᠠᠭᠤᠯᠵᠤ᠂ ᠨᠡᠶᠢᠬᠡᠮ ᠤᠨ ᠪᠤᠯᠪᠠᠰᠤᠨ ᠤ ᠰᠢᠨ᠎ᠡ ᠬᠡᠪ ᠰᠤᠷᠲᠠᠯ ᠢ ᠰᠠᠨᠠᠭᠠᠴᠢᠯᠠᠨ ᠪᠤᠢ ᠪᠤᠯᠭᠠᠵᠤ᠂ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠬᠡ᠂ ᠤᠶᠢᠷ᠎ᠠ ᠶᠢᠨ ᠬᠤᠭᠤᠴᠠᠭᠠᠨ ᠳᠤ᠂ ᠳᠠᠯᠠᠢ ᠰᠤᠮᠤ ᠨᠢ ᠵᠢᠷᠭᠤᠭᠠᠨ ᠭᠠᠴᠠᠭᠠᠨ ᠳᠠᠭᠠᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠬᠡ ᠶᠢᠨ ᠠᠵᠢᠯ ᠢᠶᠠᠷ ᠠᠴᠢᠶᠠᠯᠠᠪᠤᠷᠢ ᠪᠤᠯᠭᠠᠵᠤ᠂ ᠬᠡᠪ ᠵᠠᠩᠰᠢᠯ ᠢ ᠦᠬᠡᠷᠡᠴᠢᠯᠡᠬᠦ ᠶᠢ ᠦᠷᠬᠦᠯᠵᠢᠯᠡᠨ ᠠᠬᠢᠭᠤᠯᠵᠤ᠂ ᠪᠤᠯᠪᠠᠰᠤᠨ ᠰᠢᠨ᠎ᠡ ᠬᠡᠪ ᠰᠤᠷᠲᠠᠯ ᠢ ᠪᠤᠢ ᠪᠤᠯᠭᠠᠬᠤ ᠬᠡᠪ ᠵᠠᠩᠰᠢᠯ ᠢ ᠦᠬᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃     ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ︽ᠤᠷᠤᠭ ᠬᠤᠷᠢᠮ ᠢ ᠰᠢᠨ᠎ᠡ ᠪᠠᠷ ᠡᠷᠬᠢᠯᠡᠵᠤ᠂ ᠤᠷᠤᠰᠢᠭᠤᠯᠭ᠎ᠠ ᠶᠢ ᠳᠦᠬᠦᠮᠴᠢᠯᠡᠬᠦ︾ ᠪᠤᠯᠪᠠᠰᠤᠨ ᠤ ᠰᠢᠨ᠎ᠡ ᠲᠤᠭᠲᠠᠭᠠᠯ ᠢ ᠰᠠᠨᠠᠭᠠᠴᠢᠯᠠᠵᠤ᠂ ᠦᠨᠳᠦᠷ ᠦᠨᠡᠲᠦ ᠪᠡᠯᠡᠭ ᠰᠡᠯᠳᠡ᠂ ᠨᠠᠶᠢᠷ ᠲᠠᠯ᠎ᠠ ᠶᠢᠨ ᠠᠳᠠᠯᠢᠳᠬᠠᠯ᠂ ᠪᠦᠷᠢᠯᠬᠡᠨ ᠰᠦᠢᠳᠬᠡᠬᠦ ᠵᠡᠷᠭᠡ ᠬᠡᠪᠰᠢᠯ ᠢ ᠤᠬᠠᠮᠰᠠᠷ ᠠᠴᠠ ᠪᠠᠨ ᠬᠤᠷᠢᠭᠯᠠᠵᠤ᠂ ᠦᠷᠬᠡᠨ ᠤᠯᠠᠨ ᠮᠠᠯᠴᠢᠨ ᠲᠦᠮᠡᠨ ᠳᠤ ᠬᠤᠪᠢ ᠬᠦᠮᠦᠨ ᠠᠴᠠ ᠡᠬᠢᠯᠡᠨ ᠬᠢᠵᠤ᠂ ᠤᠳᠤ ᠠᠴᠠ ᠡᠬᠢᠯᠡᠨ ᠬᠢᠵᠤ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠶᠢ ᠤᠬᠠᠮᠰᠠᠷ ᠠᠴᠠ ᠪᠠᠨ ᠵᠢᠷᠤᠮᠯᠠᠵᠤ᠂ ᠬᠡᠪ ᠵᠠᠩᠰᠢᠯ  ᠢᠶᠠᠨ ᠦᠬᠡᠷᠡᠴᠢᠯᠡᠬᠦ ᠶᠢ ᠠᠬᠢᠭᠤᠯᠵᠤ᠂ ᠪᠤᠯᠪᠠᠰᠤᠨ ᠰᠢᠨ᠎ᠡ ᠰᠤᠷᠲᠠᠯ ᠤᠨ ᠢᠳᠡᠪᠬᠢᠲᠠᠢ ᠰᠠᠨᠠᠭᠠᠴᠢᠯᠠᠭᠴᠢ ᠪᠠ ᠤᠬᠠᠮᠰᠠᠷᠲᠤ ᠦᠢᠯᠡᠳᠦᠯᠬᠡᠵᠢᠬᠦᠯᠦᠭᠴᠢ ᠪᠤᠯᠬᠤ ᠪᠠᠷ ᠴᠢᠷᠮᠠᠶᠢᠵᠤ᠂ ᠬᠡᠪ ᠵᠠᠩᠰᠢᠯ ᠢᠶᠠᠨ ᠦᠬᠡᠷᠡᠴᠢᠯᠡᠬᠦ ᠶᠢ ᠲᠦᠭ ᠲᠦᠮᠡᠨ ᠠᠶᠢᠯ ᠡᠷᠦᠬᠡ ᠳᠤ ᠤᠷᠤᠭᠤᠯᠬᠤ ᠶᠢ ᠤᠷᠢᠶᠠᠯᠠᠪᠠ᠃     ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠤᠯ ᠰᠤᠮᠤ ᠪᠤᠯᠤᠨ ᠭᠠᠴᠠᠭᠠᠨ ᠤ ᠡᠯ᠎ᠡ ᠲᠠᠯ᠎ᠠ ᠶᠢᠨ ᠢᠳᠡᠪᠬᠢᠲᠠᠢ ᠬᠠᠮᠵᠢᠯᠴᠠᠭ᠎ᠠ ᠳᠤᠤᠷ᠎ᠠ ᠠᠮᠵᠢᠯᠲᠠᠲᠠᠢ ᠦᠷᠨᠢᠬᠦᠯᠦᠭᠳᠡᠵᠤ᠂ ᠬᠠᠮᠤᠷᠬᠤ ᠬᠡᠪᠴᠢᠶ᠎ᠡ ᠦᠷᠬᠡᠨ᠂ ᠤᠷᠤᠯᠴᠠᠭᠴᠢᠳ ᠤᠨ ᠲᠤᠭ᠎ᠠ ᠤᠯᠠᠨ᠂ ᠪᠡᠶᠡᠴᠢᠯᠡᠨ ᠤᠷᠤᠯᠴᠠᠭᠰᠠᠨ ᠢᠳᠡᠪᠬᠢᠵᠢᠯᠡᠯ ᠰᠠᠶᠢᠨ ᠵᠡᠷᠭᠡ ᠤᠨᠴᠠᠯᠢᠭ ᠲᠠᠢ ᠪᠠᠶᠢᠵᠤ᠂ ᠭᠠᠴᠠᠭᠠᠨ ᠤ ᠨᠠᠮ ᠤᠨ ᠬᠡᠰᠢᠬᠦᠨ ᠤ ᠬᠤᠰᠢᠭᠤᠴᠢ ᠦᠢᠯᠡᠳᠦᠯ ᠢᠶᠠᠨ ᠬᠦᠢᠴᠡᠳ ᠪᠠᠳᠠᠷᠠᠭᠤᠯᠤᠭᠰᠠᠨ ᠪᠦᠬᠡᠳ ᠦᠢᠯᠡᠴᠢᠯᠡᠬᠦ ᠤᠬᠠᠮᠰᠠᠷ ᠢᠶᠠᠨ ᠴᠦ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠤᠬᠠᠭᠤᠯᠭ᠎ᠠ ᠶᠢᠨ ᠠᠵᠢᠯᠯᠠᠭ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号