ᠬᠤᠰᠢᠭᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/27
       ᠨᠠᠮᠤᠷ ᠤᠨ ᠰᠠᠯᠬᠢ ᠰᠡᠷᠴᠢᠭᠢᠨᠡᠵᠦ᠂ ᠰᠤᠷᠤᠭᠴᠢᠳ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠤ᠂ ᠬᠡᠬᠦᠳᠡᠭ ᠳᠦᠭᠦᠷᠡᠩ ᠣᠪᠣᠷ ᠢᠶᠠᠷ ᠰᠢᠨ᠎ᠡ ᠬᠦᠰᠡᠯ ᠡᠪᠦᠷᠯᠡᠨ᠂ ᠰᠤᠷᠤᠯᠭ᠎ᠠ ᠡᠬᠢᠯᠡᠬᠦ ᠰᠢᠨ᠎ᠡ ᠬᠠᠭᠤᠳᠠᠰᠤ ᠶᠢ ᠤᠭᠲᠤᠨ ᠠᠪᠴᠢᠷᠠᠯ᠎ᠠ᠂ 9  ᠳ᠋ᠤᠬᠡᠷ ᠰᠠᠷ᠎ᠠ ᠶᠢᠨ 5᠎ ᠤ ᠡᠳᠦᠷ᠂  ᠬᠤᠰᠢᠭᠤ  ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2023 — 2024 ᠣᠨ ᠤ ᠰᠤᠷᠤᠯᠭ᠎ᠠ ᠡᠬᠢᠯᠡᠬᠦ ᠶᠣᠰᠣᠯᠠᠯ   ᠶᠠᠪᠤᠭᠳᠠᠭᠤᠯᠪᠠ᠃        ᠶᠤᠰᠤᠯᠠᠯ ᠳᠤ᠂ 2023 ᠣᠨ ᠤ ᠰᠢᠨ᠎ᠡ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠲᠡᠷᠢᠭᠦᠨ ᠤ ᠬᠠᠮᠲᠤ ᠨᠡᠶᠢᠲᠡ ᠵᠢᠴᠢ ᠲᠡᠷᠢᠭᠦᠨ ᠤ ᠬᠤᠪᠢ ᠬᠥᠮᠦᠨ᠂ 2022 — 2023 ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠰᠣᠷᠣᠭᠴᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠱᠠᠩᠨᠠᠯ ᠭᠥᠷᠳᠡᠭᠰᠡᠨ ᠰᠣᠷᠣᠭᠴᠢ ᠪᠠ ᠰᠢᠯᠢᠳᠡᠭ ᠠᠩᠭᠢ ᠶᠢᠨ ᠡᠷᠬᠢᠯᠡᠭᠴᠢ ᠳᠤ ᠱᠠᠩᠨᠠᠯ  ᠭᠠᠷᠠᠭᠤᠯᠵᠦ᠂  ᠶᠡᠭᠡ ᠰᠠᠶᠢᠨ ᠮᠠᠯ  ᠡᠮ ᠤᠨ ᠬᠢᠵᠠᠭᠠᠷᠲᠤ ᠺᠣᠮᠫᠠᠨᠢ ᠳᠤ ᠬᠠᠶᠢᠷ᠎ᠠ ᠬᠠᠯᠠᠮᠵᠢᠳᠦ ᠠᠵᠤ ᠠᠬᠤᠶᠢᠯᠠᠯ ᠤᠨ ᠫᠠᠶᠢᠰᠠ ᠢᠯᠡᠷᠬᠡᠶᠢᠯᠡᠯ  ᠤᠯᠭᠤᠭᠰᠠᠨ ᠪᠠᠶᠢᠨ᠎ᠠ᠃        ᠡᠭᠦᠨ ᠤ ᠬᠠᠮᠲᠤ  ᠶᠡᠭᠡ ᠰᠠᠶᠢᠨ ᠮᠠᠯ  ᠡᠮ ᠤᠨ ᠬᠢᠵᠠᠭᠠᠷᠲᠤ ᠺᠣᠮᠫᠠᠨᠢ ᠠᠴᠠ ᠰᠤᠷᠭᠠᠭᠤᠯᠢ ᠶᠢᠨ ᠶᠡᠭᠡ ᠰᠠᠶᠢᠨ ᠰᠤᠷᠤᠯᠭ᠎ᠠ ᠲᠡᠳᠬᠦᠬᠦ ᠰᠠᠭᠤᠷᠢ ᠮᠥᠩᠭᠦ  ᠎ ᠳᠤ 5 ᠲᠦᠮᠡᠨ ᠲᠥᠭᠦᠷᠢᠭ   ᠦᠭᠴᠦ᠂ 5  ᠲᠡᠬᠦᠰᠦᠭᠰᠡᠨ  ᠰᠤᠷᠤᠭᠴᠢᠳ ᠳᠤ ᠱᠠᠩᠨᠠᠯ ᠤᠨ ᠮᠥᠩᠭᠦ ᠣᠯᠭᠤᠪᠠ᠃ ᠶᠤᠰᠤᠯᠠᠯ ᠳᠤ ᠤᠯᠠᠨ ᠢᠶᠠᠷ ᠢᠶᠠᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠪᠠᠭᠰᠢ ᠰᠤᠷᠤᠭᠴᠢᠳ ᠬᠦᠰᠡᠯ ᠵᠡᠭᠦᠳᠦ ᠪᠠᠨ ᠡᠷᠢᠯᠬᠢᠯᠡᠨ ᠰᠤᠷᠤᠯᠭ᠎ᠠ  ᠎ ᠶᠢᠨ ᠠᠶᠠᠯᠠᠯ ᠢᠶᠠᠨ ᠡᠬᠢᠯᠡᠭᠦᠯᠵᠦ᠂ ᠰᠠᠶᠢᠨ ᠰᠠᠶᠢᠬᠠᠨ ᠰᠤᠷᠤᠯᠴᠠᠬᠤ ᠳᠠᠳᠬᠠᠯ ᠎ ᠢ ᠪᠤᠢ ᠪᠤᠯᠭᠠᠨ᠂  ᠬᠠᠳᠠᠭᠤᠵᠢᠯᠳᠠᠢ ᠰᠤᠷᠤᠯᠴᠠᠬᠤ ᠵᠤᠷᠢᠭ ᠰᠠᠨᠠᠭ᠎ᠠ ᠪᠠᠷ  ᠴᠢᠷᠮᠠᠶᠢᠨ ᠰᠤᠷᠤᠯᠴᠠᠵᠦ᠂ ᠠᠩᠬᠢ ᠪᠠ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号