ᠮᠠᠨ ᠤ ᠬᠤᠰᠢᠭᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠲᠡᠯᠬᠡᠷᠡᠬᠦᠯᠦᠨ ᠬᠡᠷᠡᠭᠵᠢᠭᠦᠯᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/27
       8 ᠳ᠋ᠤᠭᠠᠷ ᠰᠠᠷ᠎ᠠ ᠶᠢᠨ 29 ᠤ ᠡᠳᠦᠷ᠂ ᠮᠠᠨ ᠤ ᠬᠤᠰᠢᠭᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠲᠡᠯᠬᠡᠷᠡᠬᠦᠯᠦᠨ ᠬᠡᠷᠡᠭᠵᠢᠭᠦᠯᠬᠦ  ᠠᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        ᠬᠤᠰᠢᠭᠤ ᠨᠠᠮ ᠤᠨ  ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ ᠡᠷᠭᠢᠯᠡᠨ ᠶᠠᠷᠢᠶ᠎ᠠ  ᠬᠢᠵᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠱᠤᠸᠠᠩ ᠪᠦᠦ᠂ ᠬᠤᠰᠢᠭᠤ ᠨᠠᠮ ᠤᠨ  ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋  ᠳᠠᠷᠤᠭ᠎ᠠ᠂ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠠᠴᠠ ᠵᠢᠭᠠᠵᠦ ᠭᠠᠷᠭᠠᠭᠰᠠᠨ ᠨᠢ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠶᠢᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠤᠷᠳᠤ ᠬᠤᠭᠤᠴᠠᠭᠠᠨ ᠤ ᠪᠤᠳᠤᠯᠭ᠎ᠠ ᠪᠠ ᠦᠨᠳᠦᠰᠦ ᠶᠢ ᠪᠠᠬᠢᠵᠢᠭᠦᠯᠬᠦ ᠠᠷᠭ᠎ᠠ  ᠬᠡᠮᠵᠶ᠎ᠡ ᠪᠣᠯᠤᠨ᠎ᠠ᠂ ᠨᠡᠩ ᠴᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ  ᠬᠤᠷᠢᠶᠠᠨ ᠤ  ᠰᠡᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ  ᠵᠤᠶᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠬᠡᠪᠡ  ᠃        ᠬᠤᠷᠠᠯ ᠠᠴᠠ ᠴᠢᠬᠤᠯᠠᠴᠢᠯᠠᠭᠰᠠᠨ ᠨᠢ  ᠄ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠥᠷᠥ ᠶᠢ ᠡᠷᠬᠢᠮᠯᠡᠵᠦ᠂ ᠨᠠᠮᠴᠢ ᠴᠢᠨᠠᠷ ᠢ  ᠪᠠᠷᠢᠮᠳᠠᠯᠠᠨ᠂ ᠵᠠᠷᠴᠢᠮ ᠢ ᠡᠷᠬᠢᠮᠯᠡᠵᠦ᠂ ᠵᠢᠱᠢᠶᠡᠴᠢ ᠲᠠᠭᠠᠭᠤᠯᠤᠭᠴᠢ ᠶᠢᠨ ᠦᠢᠯᠡᠳᠦᠯ ᠢᠶᠠᠨ  ᠬᠦᠢᠴᠡᠳ ᠪᠠᠳᠠᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ  ᠪᠤᠯᠪᠠᠰᠤᠷᠠᠯ᠂ ᠤᠬᠠᠭᠤᠯᠤᠨ ᠬᠥᠲᠥᠯᠦᠨ ᠵᠢᠯᠣᠭᠤᠳᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠮᠲᠤᠪᠠᠷ ᠬᠠᠷᠢᠭᠤᠴᠠᠬᠤ ᠪᠦᠬᠦᠯᠢ ᠴᠣᠭᠴᠠ ᠶᠢᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠬᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号