ᠰᠥᠨᠢᠳ ᠵᠡᠭᠦᠨ ᠬᠤᠰᠢᠭᠤᠨ ᠤ ᠬᠢᠨ ︽ᠳᠤᠮᠳᠠᠳᠤ ᠶᠢᠨ ᠦᠨᠳᠦᠰᠦᠲᠡᠨ ᠨᠢᠬᠡᠨ ᠭᠡᠷ ᠪᠦᠯᠢ ᠮᠡᠲᠦ ᠲᠤᠲᠤᠨᠤᠰᠤᠭ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ ︾ ᠭᠡᠬᠦ ᠲᠣᠮᠣ ᠬᠡᠯᠪᠡᠷᠢ ᠶᠢᠨ ᠢᠰᠡᠭᠡᠶ ᠬᠠᠳᠬᠤᠮᠠᠯ ᠤᠨ ᠪᠦᠲᠦᠭᠡᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/16
        1 ᠳ᠋ᠤᠭᠠᠷ ᠰᠠᠷ᠎ᠠ ᠶᠢᠨ 1 ᠤ ᠡᠳᠦᠷ᠂ ︽ᠳᠤᠮᠳᠠᠳᠤ ᠶᠢᠨ ᠦᠨᠳᠦᠰᠦᠲᠡᠨ ᠨᠢᠬᠡᠨ ᠭᠡᠷ ᠪᠦᠯᠢ ᠮᠡᠲᠤ ᠲᠤᠲᠤᠨᠤᠰᠤᠭ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠲᠣᠮᠣ ᠬᠡᠯᠪᠡᠷᠢ ᠶᠢᠨ ᠢᠰᠡᠭᠡᠶ ᠬᠠᠳᠬᠤᠮᠠᠯ ᠤᠨ ᠪᠦᠲᠦᠭᠡᠯ ᠤᠨ ᠡᠬᠢᠯᠡᠯᠲᠡ ᠶᠢᠨ ᠶᠣᠰᠣᠯᠠᠯ ᠪᠤᠳᠠᠰ ᠤᠨ ᠪᠤᠰᠤ ᠰᠤᠶᠤᠯ ᠤᠨ ᠦᠪ ᠤᠨ ᠨᠢᠭᠡᠳᠦᠮᠡᠯ ᠭᠠᠷ ᠤᠷᠠᠯᠠᠯ ᠤᠨ ᠠᠵᠢᠯ ᠤᠨ ᠦᠷᠲᠡᠬᠡᠨ ᠳᠤ ᠶᠠᠪᠤᠭᠳᠠᠵᠦ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦᠷᠡᠨ ᠡᠬᠢᠯᠡᠯᠲᠡ  ᠶᠢᠨ ᠶᠣᠰᠣᠯᠠᠯ ᠳᠤ ᠣᠷᠣᠯᠴᠠᠪᠠ᠃
        ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠪᠣᠳᠠᠰ ᠤᠨ ᠪᠤᠰᠤ ᠰᠣᠶᠣᠯ ᠤᠨ ᠥᠪ ᠢ ᠨᠡᠩ ᠰᠠᠶᠢᠲᠤᠷ ᠤᠯᠠᠮᠵᠢᠯᠠᠬᠤ ᠶᠢᠨ ᠲᠥᠯᠥᠭᠡ᠂ ᠬᠤᠰᠢᠭᠤ ᠰᠣᠶᠣᠯ ᠤᠨ ᠣᠷᠳᠣᠨ ᠤ ᠬᠢᠨ ᠡᠨᠡᠬᠦ 7 ᠮᠧᠲᠷ ᠤᠷᠳᠤ ᠂ 2 ᠮᠧᠲᠷ ᠥᠨᠳᠥᠷ ᠪᠦᠬᠦ ᠦᠵᠡᠮᠵᠢ ᠶᠢᠨ ᠬᠡᠯᠪᠡᠷᠢ ᠶᠢᠨ ᠢᠰᠡᠭᠡᠢ ᠬᠠᠳᠬᠤᠮᠠᠯ ᠵᠢᠷᠤᠭ ᠤᠨ ᠪᠦᠲᠦᠭᠡᠯ ᠢ ᠨᠠᠷᠢᠨ ᠨᠢᠮᠪᠠᠢ ᠲᠦᠰᠤᠪᠯᠡᠨ᠂ ᠵᠢᠷᠤᠭ ᠳᠡᠭᠡᠷ᠎ᠡ 56 ᠦᠨᠳᠦᠰᠦᠲᠡᠨ ᠤ ᠬᠥᠮᠦᠨ ᠤ ᠵᠢᠷᠤᠭ ᠢ ᠬᠠᠳᠬᠤᠵᠤ᠂ ︽ᠳᠤᠮᠳᠠᠳᠤ  ᠶᠢᠨ ᠦᠨᠳᠦᠰᠦᠲᠡᠨ ᠨᠢᠬᠡᠨ ᠭᠡᠷ ᠪᠦᠯᠢ ᠮᠡᠲᠤ ᠲᠤᠲᠤᠨᠤᠰᠤᠭ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ  ᠶᠢ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠤᠳᠬ᠎ᠠ ᠠᠭᠤᠯᠭ᠎ᠠ ᠶᠢ ᠢᠯᠡᠳᠬᠡᠵᠡᠢ᠃
        ᠣᠶᠢᠯᠠᠭᠠᠭᠰᠠᠨ ᠢᠶᠠᠷ᠂ ᠬᠤᠰᠢᠭᠤ ᠰᠣᠶᠣᠯ ᠤᠨ ᠣᠷᠳᠣᠨ ᠤ ᠬᠢᠨ ᠤᠷ᠎ᠠ ᠮᠡᠷᠭᠡᠵᠢᠯ ᠳᠡᠭᠡᠨ ᠴᠠᠭᠠᠷᠠᠭᠰᠠᠨ 8 ᠨᠡᠷ᠎ᠡ ᠪᠤᠳᠠᠰ ᠤᠨ ᠪᠤᠰᠤ ᠰᠤᠶᠤᠯ ᠤᠨ ᠦᠪ ᠵᠠᠯᠭᠠᠮᠵᠢᠯᠠᠭᠴᠢ ᠶᠢ ᠤᠷᠢᠵᠤ ᠬᠠᠮᠲᠤ ᠪᠠᠷ ᠪᠦᠲᠦᠭᠡᠯ ᠢᠶᠠᠨ ᠤᠷᠠᠯᠠᠭᠰᠠᠨ ᠪᠠᠶᠢᠨ᠎ᠠ᠃ ᠲᠠᠳᠠ ᠪᠣᠯ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ᠂ ᠠᠶᠢᠮᠠᠭ  ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ︵ᠢᠰᠡᠭᠡᠶ ᠬᠠᠳᠬᠤᠮᠠᠯ︶ ᠤᠨ ᠤᠯᠠᠮᠵᠢᠯᠠᠭᠴᠢ ᠪᠠᠶᠢᠵᠦ᠂ ᠲᠠᠷᠠᠭᠠᠴᠢ ᠶᠢᠨ 3 ᠰᠠᠷ᠎ᠠ ᠶᠢᠨ ᠬᠤᠭᠤᠴᠠᠭᠠᠨ ᠳᠤ ᠪᠤᠳᠠᠰ ᠤᠨ ᠪᠤᠰᠤ ᠰᠤᠶᠤᠯ ‍ᠤᠨ‌ᠦᠪ ᠵᠠᠯᠭᠠᠮᠵᠢᠯᠠᠭᠴᠢ ᠨᠠᠷ ᠢᠰᠡᠭᠡᠶ ᠪᠠᠷ ᠴᠠᠭᠠᠰᠤ ᠪᠣᠯᠭᠠᠵᠤ᠂ ᠵᠡᠭᠦᠤ ᠪᠠᠷ ᠪᠢᠷ ᠪᠤᠯᠭᠠᠨ᠂ ᠤᠲᠠᠰᠤ ᠪᠠᠷ ᠪᠤᠳᠤᠭ ᠪᠣᠯᠭᠠᠵᠤ᠂ ᠢᠰᠡᠭᠡᠶ ᠳᠡᠭᠡᠷ᠎ᠡ ᠠᠮᠢᠳᠤᠯᠢᠭ ᠰᠠᠶᠢᠬᠠᠨ ᠬᠡ ᠤᠭᠠᠯᠵᠠ ᠬᠠᠳᠬᠤᠨ᠂ ᠲᠡᠳᠡᠨ ᠤ ᠭᠠᠷ ᠲᠠᠬᠢ ᠵᠡᠭᠦᠦ ᠤᠲᠠᠰᠤ ᠪᠠᠷ ᠢᠶᠠᠨ ᠡᠬᠡ ᠤᠯᠤᠰ  ᠲᠠᠭᠠᠨ ᠬᠠᠨᠳᠤᠭᠤᠯᠤᠭᠰᠠᠨ ᠬᠢᠵᠠᠭᠠᠷᠯᠠᠰᠢ ᠥᠬᠡᠶ ᠬᠠᠶᠢᠷ᠎ᠠ ᠰᠡᠳᠬᠢᠯᠭᠡ ᠪᠠᠨ ᠢᠯᠡᠳᠬᠡᠭᠰᠡᠨ ᠪᠠᠶᠢᠨ᠎ᠠ᠃ ᠪᠦᠲᠦᠭᠡᠯ  ᠢᠶᠠᠨ ᠳᠠᠭᠤᠰᠬᠠᠭᠰᠠᠨ ᠤ ᠲᠠᠷᠠᠭ᠎ᠠ ᠬᠤᠰᠢᠭᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠳᠤ ᠳᠡᠯᠭᠡᠨ ᠦᠵᠡᠭᠦᠯᠵᠦ᠂ ᠪᠦᠲᠦᠭᠡᠯ ᠢᠶᠠᠨ ᠡᠷᠲᠡᠬᠡᠨ ᠤᠯᠠᠨ ᠲᠠᠢ ᠠᠭᠤᠯᠵᠠᠬᠤ ᠪᠤᠯᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号