ᠳᠤᠮᠳᠠᠳᠤ ᠤᠯᠤᠰ ᠤᠨ ᠯᠢᠦᠶ ᠹᠠ ᠥᠪᠥᠷ ᠮᠣᠩᠭᠤᠯ ᠤᠨ ᠬᠤᠪᠢᠶᠠᠷᠢ ᠺᠣᠮᠫᠠᠨᠢ ᠠᠴᠠ ᠮᠠᠨ ᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/17
         1 ᠳ᠋ᠦ᠋ᠭᠡᠷ ᠰᠠᠷ᠎ᠠ ᠶᠢᠨ 12᠎ ᠤ ᠡᠳᠦᠷ᠂ ᠳᠤᠮᠳᠠᠳᠤ ᠤᠯᠤᠰ ᠤᠨ ᠯᠢᠦᠶ ᠹᠠ 绿发 ᠥᠪᠥᠷ ᠮᠣᠩᠭᠤᠯ ᠤᠨ ᠬᠤᠪᠢᠶᠠᠷᠢ ᠺᠣᠮᠫᠠᠨᠢ ᠠᠴᠠ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠠᠨᠳᠢᠪᠯᠠᠬᠤ ᠶᠣᠰᠣᠯᠠᠯ ᠶᠠᠪᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠥᠮᠤᠵᠢᠯ᠂ ᠬᠤᠰᠢᠭᠤ ᠳᠡᠳ᠋ ᠳᠠᠷᠤᠭ᠎ᠠ ᠶᠣᠣ ᠳ᠋ᠢ ᠵᠢᠴᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠳ᠋ᠧ ᠮᠢᠩ ᠶᠣᠰᠣᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠩ ᠲᠤᠤ ᠶᠣᠰᠣᠯᠠᠯ ᠢ ᠡᠷᠭᠢᠯᠡᠪᠡ᠃ ᠳᠤᠮᠳᠠᠳᠤ ᠤᠯᠤᠰ ᠤᠨ ᠯᠢᠦᠶ ᠹᠠ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠨ 张新᠂ ᠳᠡᠳ᠋ ᠶᠡᠷᠦᠩᠬᠡᠶ ᠠᠵᠤ ᠠᠬᠤᠶᠢᠴᠢ ᠯᠢᠦ ᠬᠠᠶ ᠯᠢᠩ 刘海铃᠂ ᠨᠠᠮ ᠪᠠ ᠣᠯᠠᠨ ᠲᠦᠮᠡᠨ ᠤ ᠬᠡᠯᠲᠡᠰ ᠤᠨ ᠡᠷᠬᠢᠯᠡᠭᠴᠢ ᠯᠢᠦ ᠰᠢᠶᠤᠤ ᠴᠢᠩ 刘小清᠂ ᠶᠡᠷᠦᠩᠬᠡᠶᠢᠯᠡᠭᠰᠡᠨ ᠬᠡᠯᠲᠡᠰ ᠤᠨ ᠡᠷᠬᠢᠯᠡᠭᠴᠢ ᠡᠤ ᠵᠢᠶᠦ᠋ᠨ 吴俊 ᠨᠡᠷ ᠶᠣᠰᠣᠯᠠᠯ ᠳᠤ ᠣᠷᠣᠯᠴᠠᠪᠠ᠃
         ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠬᠤᠰᠢᠭᠤ ᠤᠳᠤᠷᠢᠳᠤᠯᠭ᠎ᠠ ᠪᠣᠯᠤᠨ ᠠᠵᠤ ᠠᠬᠤᠶᠢᠯᠠᠯ ᠤᠨ ᠤᠳᠤᠷᠢᠳᠤᠯᠭ᠎ᠠ ᠠᠴᠠ ᠥᠲᠥᠨ ᠬᠤᠪᠴᠠᠰᠤ ᠪᠣᠯᠤᠨ ᠪᠢᠴᠢᠭ ᠤᠨ ᠬᠡᠷᠡᠭᠰᠡᠯ ᠢ ᠰᠤᠷᠤᠭᠴᠢᠳ ᠲᠤ ᠪᠡᠯᠡᠭᠯᠡᠵᠤ᠂ ᠲᠡᠳᠡᠨ ᠤ ᠰᠤᠷᠤᠯᠭ᠎ᠠ ᠳᠠᠭᠠᠨ ᠠᠮᠵᠢᠯᠲᠠ ᠤᠯᠬᠤ ᠶᠢ ᠬᠦᠰᠡᠪᠡ᠃
         ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠯᠢᠦᠶ ᠹᠠ ᠥᠪᠥᠷ ᠮᠣᠩᠭᠤᠯ ᠤᠨ ᠬᠤᠪᠢᠶᠠᠷᠢ ᠺᠣᠮᠫᠠᠨᠢ ᠎ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠰᠢᠭᠤᠨ ᠤ ᠲᠦᠢᠮᠣ ᠪᠠᠶᠢᠳᠠᠯ ᠪᠣᠯᠤᠨ ᠣᠶᠢᠷ᠎ᠠ ᠶᠢᠨ ᠬᠡᠳᠦᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠂ ᠳᠤᠮᠳᠠᠳᠤ ᠤᠯᠤᠰ ᠤᠨ ᠯᠢᠦᠶ ᠹᠠ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠬᠠᠯᠠᠭᠤᠨ ᠳᠣᠲᠣᠨᠣ ᠠᠵᠢᠯᠯᠠᠭ᠎ᠠ ᠨᠢ ᠠᠵᠤ ᠠᠬᠤᠶᠢᠯᠠᠯ ᠤᠨ ᠲᠠᠯ᠎ᠠ ᠨᠤᠲᠤᠭ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠵᠤ ᠠᠬᠤᠶᠢᠯᠠᠯ ᠡᠳ᠋ ᠪᠣᠳᠠᠰ ᠬᠠᠨᠳᠢᠪᠯᠠᠵᠤ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠡᠷᠭᠦᠬᠦ ᠨᠢ ᠪᠣᠳᠠᠰ ᠤᠨ ᠲᠠᠯ᠎ᠠ ᠪᠠᠷ ᠬᠢ ᠬᠠᠪᠰᠤᠷᠤᠯᠭ᠎ᠠ ᠲᠡᠳᠦᠶ ᠪᠢᠰᠢ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠪᠣᠯᠵᠣ᠂ ᠨᠡᠶᠢᠭᠡᠮ ᠎ ᠤᠨ ᠡᠯ᠎ᠡ ᠡᠲᠡᠭᠡᠳ ᠤᠨ ᠬᠢᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠤᠶᠢᠯᠠᠰ ᠢ ᠬᠠᠯᠠᠮᠵᠢᠯᠠᠨ ᠳᠡᠮᠵᠢᠬᠦ ᠬᠠᠯᠠᠭᠤᠨ ᠰᠡᠳᠬᠢᠯᠭᠡ ᠶᠢ ᠲᠠᠶᠢᠴᠢᠯᠠᠵᠤ ᠪᠠᠶᠢᠨ᠎ᠠ᠃ ᠥᠷᠭᠡᠨ ᠤᠯᠠᠨ ᠪᠠᠭᠰᠢ ᠰᠤᠷᠤᠭᠴᠢᠳ ᠡᠨᠡᠬᠦ ᠪᠣᠳᠠᠲᠤ ᠠᠵᠢᠯᠯᠠᠭ᠎ᠠ ᠪᠠᠷ ᠢᠶᠠᠨ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠬᠦᠰᠡᠵᠦ ᠪᠠᠶᠢᠨ᠎ᠠ᠂ ᠡᠭᠦᠨ ᠤ ᠬᠠᠮᠲᠤ᠂ ᠮᠠᠨ ᠤ ᠬᠤᠰᠢᠭᠤᠨ ᠤ ᠬᠢᠨ ᠬᠠᠷᠢᠶ᠎ᠠ ᠣᠷᠣᠨ ᠎ ᠤ ᠪᠠᠨ ᠡᠬᠢ ᠪᠠᠶᠠᠯᠢᠭ ᠤᠨ ᠳᠠᠪᠠᠭᠤᠯᠢᠭ ᠪᠣᠯᠤᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠢᠨ ᠰᠥᠨᠢᠳ ᠵᠡᠭᠦᠨ ᠬᠤᠰᠢᠭᠤᠨ ᠳᠤ ᠬᠦᠷᠴᠦ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠷᠢᠯᠬᠢᠯᠡᠬᠦ ᠶᠢ ᠵᠣᠷᠢᠭᠵᠢᠭᠤᠯᠤᠭᠰᠠᠨ ᠪᠠᠶᠢᠨ᠎ᠠ᠃
         ᠠᠵᠢᠯᠯᠠᠭ᠎ᠠ ᠶᠢᠨ ᠳᠤᠮᠳᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠎ ᠤ ᠬᠤᠰᠢᠭᠤ ᠳᠠᠷᠤᠭ᠎ᠠ ᠱᠤᠸᠠᠩ ᠪᠦᠦ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠱᠤᠸᠠᠩ ᠱᠠᠨ 双山᠎ ᠠᠴᠠ ᠠᠵᠤ ᠠᠬᠤᠶᠢᠯᠠᠯ ᠳᠤ ᠬᠡᠮᠡᠷᠯᠢᠭ ᠲᠤᠭ ᠪᠡᠯᠡᠭᠯᠡᠵᠤ᠂ ᠳᠤᠮᠳᠠᠳᠤ ᠤᠯᠤᠰ ᠤᠨ ᠯᠢᠦᠶ ᠹᠠ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠨ ᠪᠠᠶᠠᠷ ᠤᠨ ᠦᠭᠡ ᠬᠡᠯᠡᠵᠡᠶ᠃ ᠬᠤᠰᠢᠭᠤ ᠲᠡᠳ᠋ ᠲᠠᠷᠤᠭ᠎ᠠ ᠶᠣᠣ ᠳ᠋ᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠤᠭᠡᠯᠡᠨ ᠠᠵᠤ ᠠᠬᠤᠶᠢᠯᠠᠯ ᠤᠨ ᠬᠠᠨᠳᠢᠪᠯᠠᠭᠰᠠᠨ ᠳᠤ ᠲᠠᠯᠠᠷᠬᠠᠯ ᠢᠶᠠᠨ ᠢᠯᠡᠤᠨᠬᠡᠨ ᠶᠠᠷᠢᠶ᠎ᠠ ᠲᠠᠯᠪᠢᠵᠠᠶ᠃          ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠳᠤᠷᠢᠳᠬᠤ ᠪᠠᠭ ᠤᠨ ᠭᠡᠰᠢᠭᠦᠨ᠂ ᠪᠠᠭᠰᠢ ᠠᠵᠢᠯᠲᠠᠨ ᠤ ᠲᠥᠯᠥᠭᠡᠯᠡᠭᠴᠢ ᠵᠢᠴᠢ ᠰᠣᠷᠣᠭᠴᠢ ᠎ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号