ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠬᠠᠷᠢᠭᠤ ᠲᠤᠰᠬᠠᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/1/26
         ᠬᠤᠰᠢᠭᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ  ᠶᠢ ᠦᠨᠳᠦᠰᠦᠯᠡᠨ᠂ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠪᠦᠬᠦᠨ ᠢᠶᠠᠷ ᠢᠶᠠᠨ ᠳᠠᠭᠤᠰᠪᠠ᠃          ᠬᠤᠰᠢᠭᠤ ᠨᠠᠮ ᠤᠨ ᠬᠤᠷᠢᠶᠠᠨ ᠤ ᠠᠶᠤᠯ ᠥᠬᠡᠶ ᠤᠶᠢᠯᠡᠳᠪᠤᠷᠢᠯᠡᠯ ᠤᠨ ᠠᠵᠢᠯ ᠤᠨ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠡᠩ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠰ ᠲᠣᠰ ᠪᠠᠶᠠᠠᠭᠤᠯᠠ ᠰᠤᠮᠤ ᠶᠢᠨ ᠨᠠᠮ ᠤᠨ ᠬᠤᠷᠢᠶ᠎ᠠ ᠵᠢᠴᠢ ᠬᠠᠷᠢᠶ᠎ᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠠᠴᠢᠮ ᠪᠠᠶᠢᠳᠠᠯ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ 3 ᠬᠤᠰᠢᠭᠤ ᠰᠢᠭᠤᠳ ᠬᠠᠷᠢᠶ᠎ᠠ ᠨᠢᠭᠡᠴᠡ  ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ︽ᠨᠢᠭᠡ ᠨᠢᠭᠡ ᠪᠠᠷ︾ ᠬᠠᠷᠢᠭᠤ ᠲᠤᠰᠬᠠᠪᠠ᠃ ᠬᠤᠰᠢᠭᠤ ᠤᠳᠤᠷᠢᠳᠤᠯᠭ᠎ᠠ ᠪᠤᠯᠤᠳ᠂ ᠸᠠᠩ ᠬᠥᠩ ᠬᠤᠪᠢᠳᠠᠨ ᠬᠠᠮᠢᠶᠠᠷᠴᠤ ᠪᠠᠶᠢᠭ᠎ᠠ ᠨᠢᠭᠡᠴᠡ ᠶᠢᠨ ᠬᠠᠷᠢᠭᠤ ᠲᠤᠰᠬᠠᠬᠤ ᠬᠤᠷᠠᠯ ᠳᠤ ᠣᠷᠣᠯᠴᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠪᠣᠳᠠᠲᠠᠶ ᠱᠠᠭᠠᠷᠳᠠᠯᠭ᠎ᠠ ᠶᠢ ᠳᠤᠷᠠᠳᠴᠦ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠣᠪᠣᠷ  ᠢᠶᠠᠨ ᠢᠯᠡᠳᠬᠡᠪᠡ᠃ ᠬᠠᠷᠢᠭᠤ ᠳᠤᠰᠬᠠᠯ ᠳᠤ᠂ ᠡᠯ᠎ᠡ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠵᠠᠢ᠃          ᠬᠠᠷᠢᠭᠤ ᠲᠤᠰᠬᠠᠯ ᠨᠢ ᠴᠠᠭᠳᠠᠨ ᠪᠠᠶᠢᠴᠠᠭᠠᠭᠴᠢ ᠶᠢᠨ ᠢᠯᠡᠷᠡᠭᠦᠯᠦᠭᠰᠡᠨ ᠠᠰᠠᠭᠤᠳᠠᠯ ᠢ ᠵᠢᠭᠠᠵᠤ ᠭᠠᠷᠭᠠᠨ ᠂ ᠵᠠᠷᠢᠮ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠲᠤᠬᠠᠢ ᠲᠠᠨᠢᠯᠲᠠ ᠪᠠ ᠨᠠᠶᠢᠳᠠᠪᠤᠷᠢᠵᠢᠭᠤᠯᠤᠯᠲᠠ ᠶᠢᠨ ᠲᠠᠯ᠎ᠠ ᠪᠠᠷ ᠵᠦᠷᠢᠶ᠎ᠡ ᠲᠠᠢ ᠪᠠᠶᠢᠵᠤ᠂ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠬᠤᠯᠠᠴᠢᠯᠠᠭᠰᠠᠨ ᠬᠡᠮᠵᠢᠶ᠎ᠡ ᠪᠠᠷ ᠬᠦᠷᠦᠯᠴᠡᠬᠦ ᠦᠭᠡᠢ᠂ ᠵᠠᠷᠢᠮ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠬᠠᠭᠤᠯᠭ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ  ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠳᠣᠣᠷ᠎ᠠ ᠨᠢᠭᠡ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠢᠨᠠᠨ ᠵᠢᠯᠣᠭᠤᠳᠴᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠷᠤᠮᠵᠢᠯ ᠦᠭᠡᠢ᠂ ᠬᠡᠷᠡᠭ ᠵᠥᠪᠯᠡᠬᠦ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠢ᠂ ᠵᠠᠷᠢᠮ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠬᠦᠷᠦᠯᠴᠡᠬᠦ ᠥᠬᠡᠶ᠂ ︽ᠭᠤᠷᠪᠠᠨ ᠬᠦᠷᠤᠩᠭᠡ︾  ᠶᠢᠨ ᠬᠠᠮᠢᠶᠠᠷᠤᠯᠲᠠ ᠬᠦᠷᠦᠯᠴᠡᠬᠦ ᠥᠬᠡᠶ᠂ ︽ᠲᠦᠷᠪᠡ ᠶᠢ ᠵᠦᠪᠯᠡᠵᠦ ᠬᠤᠶᠡᠷ ᠶᠢ ᠢᠯᠡ ᠪᠤᠯᠭᠠᠬᠤ︾ ᠵᠠᠷᠴᠢᠮ ᠶᠢ ᠪᠡᠶᠡᠯᠡᠭᠦᠯᠬᠦ ᠪᠠᠷ ᠬᠦᠷᠦᠯᠴᠡᠬᠦ ᠥᠬᠡᠶ ᠵᠡᠷᠭᠡ ᠲᠠᠯ᠎ᠠ ᠶᠢ ᠵᠠᠭᠠᠵᠦ ᠭᠠᠷᠭᠠᠪᠠ᠃          ᠬᠠᠷᠢᠭᠤ ᠲᠤᠰᠬᠠᠯ ᠳᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠠᠭ ᠤᠨ ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠪᠠ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠨ ᠬᠢᠨᠠᠮᠠᠭᠠᠢ ᠲᠤᠭᠲᠠᠭᠠᠨ᠂ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠬᠠᠭᠠᠰ ᠶᠠᠪᠤᠳᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠤᠨ ᠳᠡᠭᠡᠭᠰᠢᠯᠡᠯᠲᠡ ᠶᠢ ᠠᠬᠢᠭᠤᠯᠤᠨ᠂ ᠠᠵᠢᠯ ᠤᠨ ᠦᠷ᠎ᠡ ᠪᠦᠲᠦᠮᠵᠢ ᠪᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠴᠠᠭᠳᠠᠨ ᠪᠠᠶᠢᠴᠠᠭᠠᠭᠠᠳ ᠬᠠᠷᠢᠭᠤ ᠲᠤᠰᠬᠠᠭᠰᠠᠨ ᠠᠰᠠᠭᠤᠳᠠᠯ ᠢ ᠦᠨᠡᠨᠴᠢ ᠪᠠᠷ ᠬᠦᠯᠢᠶᠡᠨ ᠠᠪᠴᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠪᠣᠳᠠᠲᠠᠢ ᠰᠤᠷᠲᠠᠯ᠂ ᠬᠠᠮᠤᠭ ᠤᠨ ᠬᠠᠲᠠᠭᠤ ᠠᠷᠭ᠎ᠠ ᠬᠡᠮᠵᠢᠶ᠎ᠡ ᠪᠠᠷ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号