ᠮᠠᠨ ᠤ ᠬᠤᠰᠢᠭᠤᠨ ᠤ ᠤᠯᠠᠭᠠᠨᠮᠥ᠋ᠴᠢᠷ᠄ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠦᠨᠳᠦᠰᠦᠲᠡᠨ  ᠨᠦᠭᠦᠳ ᠤᠨ ᠣᠯᠠᠨ ᠲᠦᠮᠡᠨ ᠳᠤ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/1/26
       ᠬᠤᠰᠢᠭᠤ ᠤᠯᠠᠭᠠᠨᠮᠥ᠋ᠴᠢᠷ ︽ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠳᠠᠪᠠᠭᠤᠯᠢᠭ  ᠢᠶᠠᠨ ᠬᠦᠢᠴᠡᠳ ᠪᠠᠳᠠᠷᠠᠭᠤᠯᠵᠤ᠂ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢᠶᠠᠷ ᠢᠶᠠᠨ ᠤᠮᠠᠷᠠᠲᠤ ᠶᠢᠨ ᠰᠣᠶᠣᠯ  ᠤᠨ ᠨᠠᠷᠠᠲᠤ ᠲᠡᠮᠳᠡᠭ ᠤᠨ ᠪᠠᠶᠢᠭᠤᠯᠤᠯᠲᠠ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠨᠠᠮᠠᠷᠢᠯᠠᠵᠦ ᠪᠠᠶᠢᠨ᠎ᠠ᠃        ᠬᠤᠰᠢᠭᠤ ᠤᠯᠠᠭᠠᠨᠮᠥ᠋ᠴᠢᠷ ︽ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ  ᠪᠠᠭᠤᠯᠭᠠᠬᠤ︾᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾᠂ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠢᠶᠠᠷ ᠪᠦᠯᠬᠦᠮᠳᠠᠨ ᠲᠡᠮᠡᠴᠡᠶ᠎ᠡ︾᠂ ︽ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠪᠠᠬᠢᠵᠢᠬᠦᠯᠦᠶ᠎ᠡ︾᠂ ︽ᠤᠯᠠᠭᠠᠨᠮᠥ᠋ᠴᠢᠷ ᠬᠢᠯᠢ  ᠶᠢᠨ ᠪᠣᠭᠤᠮᠲᠠ ᠪᠠᠷ ᠵᠠᠮᠨᠠᠬᠤ︾᠂ ︽ᠮᠠᠨ ᠤ ᠳᠤᠮᠳᠠᠳᠤ ᠶᠢᠨ ᠵᠡᠭᠦᠳᠦ · ᠰᠣᠶᠣᠯ ᠢ ᠲᠦᠮᠡᠨ ᠡᠷᠦᠬᠡ ᠳᠤ ᠬᠦᠷᠭᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ᠂ ︽ᠪᠠᠶᠠᠷ ᠪᠠᠶᠠᠰᠤᠯ ᠢ ᠬᠦᠷᠭᠡᠵᠦ᠂ ᠪᠣᠯᠪᠠᠰᠤᠨ ᠢ ᠬᠦᠷᠭᠡᠶ᠎ᠡ︾ ᠭᠡᠬᠦ ᠵᠡᠷᠬᠡ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠳᠠᠢ ᠤᠷᠤᠯᠴᠠᠵᠦ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠳᠠᠯᠠᠨ᠂ ᠤᠯᠠᠨ ᠶᠠᠩᠵᠤ ᠬᠡᠯᠪᠡᠷᠢ᠂ ᠪᠠᠶᠠᠯᠢᠭ ᠠᠭᠤᠯᠭ᠎ᠠ ᠲᠠᠢ ᠤᠷᠠᠨ ᠰᠠᠶᠢᠬᠠᠨ  ᠤ ᠲᠣᠭᠯᠠᠯᠲᠠ ᠭᠠᠷᠭᠠᠵᠦ᠂ ᠨᠠᠮ ᠤᠨ ᠲᠠᠭᠤᠨ ᠪᠣᠯᠤᠨ ᠬᠠᠯᠠᠮᠵᠢᠯᠠᠯ ᠢ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠪᠣᠯᠤᠨ ᠮᠠᠯᠵᠢᠬᠤ ᠣᠷᠣᠨ ᠤ ᠮᠠᠯᠴᠢᠨ ᠲᠦᠮᠡᠨ ᠳᠤ ᠬᠦᠷᠭᠡᠵᠦ᠂ ᠡᠬᠡ ᠤᠯᠤᠰ ᠤᠨ ᠤᠮᠠᠷᠠᠲᠤ ᠶᠢᠨ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠬᠦᠭᠰᠡᠬᠡᠷ ᠢᠷᠡᠪᠡ᠃ 2023 ᠣᠨ ᠳᠤ ᠨᠡᠶᠢᠲᠡ 87 ᠲᠠᠯᠠᠪᠤᠷ ᠲᠣᠭᠯᠠᠯᠲᠠ ᠭᠠᠷᠭᠠᠵᠤ᠂ ᠦᠵᠡᠭᠴᠢᠳ 3.6 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠰᠢᠭᠤᠳ ᠨᠡᠪᠡᠷᠡᠬᠦᠯᠬᠡ ᠶᠢᠨ ᠦᠵᠡᠭᠴᠢᠳ ᠤᠨ ᠲᠤᠭ᠎ᠠ 6.2 ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠶ᠃        2023 ᠣᠨ ᠳᠤ᠂ ᠬᠤᠰᠢᠭᠤ ᠤᠯᠠᠭᠠᠨᠮᠥ᠋ᠴᠢᠷ ᠳᠠᠭᠤᠤ ᠪᠥᠵᠢᠭᠲᠦ ᠵᠦᠴᠦᠭᠡ ︽ᠬᠢᠯᠢ ᠳᠤ ᠤᠶᠠᠩᠭᠠᠷᠠᠭᠰᠠᠨ ᠤᠯᠠᠭᠠᠨᠮᠥ᠋ᠴᠢᠷ  — ᠲᠤᠷᠠᠨ︾ ᠢ ᠨᠠᠶᠢᠷᠠᠭᠤᠯᠤᠨ ᠵᠣᠬᠢᠶᠠᠪᠠ᠃ ᠲᠤᠰ ᠵᠦᠴᠦᠭᠡ ᠨᠢ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠢᠶᠠᠷ ᠠᠷᠤ ᠦᠵᠡᠭᠳᠡᠯ ᠪᠣᠯᠭᠠᠵᠤ᠂ ᠦᠨᠳᠦᠰᠦᠨ ᠱᠠᠲᠤᠨ ᠤ ᠤᠯᠠᠭᠠᠨᠮᠥ᠋ᠴᠢᠷ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ᠂ ᠬᠢᠯᠢ ᠬᠢᠵᠠᠭᠠᠷ ᠤᠨ ᠮᠠᠯᠴᠢᠨ ᠡᠷᠦᠬᠡ ᠳᠤ ᠬᠦᠷᠴᠦ᠂ ᠤᠷᠠᠯᠢᠭ ᠤᠨ ᠬᠡᠯᠪᠡᠷᠢ ᠪᠠᠷ ᠬᠢᠯᠢ ᠶᠢᠨ ᠴᠡᠷᠢᠭ ᠠᠷᠠᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠤᠨ ᠬᠦᠴᠦᠨ ᠢ ᠨᠡᠮᠡᠷᠢᠯᠡᠭᠰᠡᠨ ᠦᠨᠡᠨ ᠪᠣᠳᠠᠲᠠᠢ ᠦᠯᠢᠭᠡᠷ ᠤᠳ ᠢ  ᠲᠤᠭᠯᠠᠭᠰᠠᠨ ᠪᠠᠶᠢᠨ᠎ᠠ᠃ ᠲᠣᠰ ᠵᠢᠯ ᠳᠤ᠂ ᠲᠣᠰ ᠵᠦᠴᠦᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ  ᠤᠨ ᠬᠤᠷᠢᠶᠠᠨ ᠤ ᠤᠬᠠᠭᠤᠯᠬᠤ ᠬᠡᠯᠲᠡᠰ᠂ ᠰᠢᠯᠢ ᠶᠢᠨ ᠭᠤᠤᠯ ᠠᠶᠢᠮᠠᠭ ᠤᠨ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠡᠷᠭᠢᠯᠡᠭᠰᠡᠨ ᠬᠤᠷᠢᠨ ᠬᠤᠶᠠᠳᠤᠭᠠᠷ ᠬᠤᠭᠤᠴᠠᠭᠠᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠦᠴᠦᠭᠡ ᠶᠢᠨ ᠲᠥᠷᠥᠯ ᠤᠨ ᠰᠢᠨ᠎ᠡ ᠵᠦᠴᠦᠭᠡ ᠶᠢᠨ ᠭᠠᠷᠴᠠᠭ ᠤᠨ ᠱᠠᠩᠨᠠᠯ ᠢ ᠭᠥᠷᠳᠡᠪᠡ᠃        ᠬᠤᠰᠢᠭᠤ ᠤᠯᠠᠭᠠᠨᠮᠥ᠋ᠴᠢᠷ ᠥᠪᠡᠷ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠮᠢᠵᠢᠷᠠᠯ ᠤᠨ ᠬᠦᠴᠦᠨ ᠢᠶᠠᠨ ᠭᠦᠢᠴᠡᠳ ᠪᠠᠳᠠᠷᠠᠭᠤᠯᠵᠤ᠂ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠬᠡᠯᠪᠡᠷᠢ ᠶᠢ ᠪᠠᠶᠠᠯᠢᠭᠵᠢᠭᠤᠯᠵᠤ᠂ ᠠᠷᠭ᠎ᠠ ᠶᠢᠨ ᠰᠢᠨ᠎ᠡ ᠶᠢ ᠡᠭᠦᠳᠴᠦ᠂ ᠨᠢᠭᠡ ᠪᠦᠯᠦᠭ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠭᠤᠶᠢᠳᠠ ᠰᠠᠶᠢᠬᠠᠨ ᠲᠣᠭᠯᠠᠯᠲᠠ ᠪᠠᠷ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠤᠩᠭᠤᠯ ᠮᠤᠷᠢᠨ ᠤ ᠤᠷᠤᠯᠳᠤᠭᠠᠨ ᠤ ᠮᠠᠨ ᠤ ᠬᠤᠰᠢᠭᠤᠨ ᠤ ᠰᠡᠢᠳᠪᠦᠷᠢᠳᠦ ᠤᠷᠤᠯᠳᠤᠭᠠᠨ ᠵᠢᠴᠢ  ᠬᠤᠰᠢᠭᠤ ᠠᠷᠪᠠᠨ ᠨᠢᠭᠡᠳᠦᠭᠡᠷ ᠬᠤᠭᠤᠴᠠᠭᠠᠨ ᠤ ︽ᠭᠤᠪᠢ ᠶᠢᠨ ᠰᠢᠨᠳᠠᠰᠦ︾ ᠲᠡᠮᠡᠭᠡᠨ ᠰᠣᠶᠣᠯ ᠤᠨ ᠨᠠᠶᠢᠷ ᠲᠤ  ᠬᠦᠭ ᠨᠡᠮᠡᠷᠢᠯᠡᠵᠦ᠂ ᠢᠷᠠᠭᠤ ᠰᠠᠶᠢᠬᠠᠨ ᠪᠥᠵᠢᠭ ᠲᠠᠭᠤᠤ ᠪᠠᠷ ᠢᠶᠠᠨ ᠰᠥᠨᠢᠳ ᠤᠨ ᠲᠠᠯ᠎ᠠ ᠨᠤᠲᠤᠭ ᠤᠨ ᠥᠷᠭᠡᠨ ᠠᠭᠤᠳᠠᠮ ᠂ ᠪᠠᠶᠠᠯᠢᠭ ᠰᠠᠶᠢᠬᠠᠨ ᠥᠩᠭᠡ ᠦᠵᠡᠮᠵᠢ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠯᠬᠡᠭᠯᠡᠨ ᠲᠡᠮᠡᠴᠡᠵᠦ᠂ ᠢᠳᠡᠪᠬᠢᠯᠡᠨ ᠲᠠᠪᠰᠢᠵᠦ ᠪᠠᠶᠢᠭ᠎ᠠ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠶ᠃ ᠤᠯᠠᠭᠠᠨᠮᠥ᠋ᠴᠢᠷ ᠤᠳᠬ᠎ᠠ ᠤᠷᠠᠯᠢᠭ ᠢᠶᠠᠷ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠢᠮᠠᠭᠲᠠ ᠪᠠᠷᠢᠮᠲᠠᠯᠠᠵᠤ᠂ ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠤᠨ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠢ ᠢᠯᠡᠷᠡᠭᠦᠯᠵᠦ᠂ ᠨᠡᠩ ᠥᠨᠳᠥᠷ ᠤᠷᠠᠯᠢᠭ ᠤᠨ ᠲᠦᠪᠰᠢᠨ ᠢᠶᠠᠷ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠤᠨ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠵᠦ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号