ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠨᠠᠶᠠᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/31
        1 ᠳ᠋ᠦ᠋ᠭᠡᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠨᠠᠶᠠᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠡᠨᠰᠢᠬᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠵᠢᠶᠠᠩᠰᠢ ᠶᠢᠨ ᠰᠢᠨ ᠢᠦᠶ ᠬᠤᠲᠠ ᠶᠢᠨ ᠢᠦᠶ ᠱᠦᠶ ᠲᠣᠭᠤᠷᠢᠭ 江西新余市渝水区 ᠤᠨ ᠨᠢᠭᠡᠨ ᠵᠡᠭᠡᠯᠢ ᠳᠠᠭᠠᠤ ᠳᠡᠯᠭᠡᠭᠦᠷ ᠲᠤ ᠭᠠᠯ ᠭᠠᠷᠤᠭᠰᠠᠨ ᠬᠡᠷᠡᠭ᠂ ᠶᠦᠨᠨᠠᠨ ᠤ ᠵᠣᠣ ᠲᠦᠩ 昭通 ᠬᠤᠲᠠ ᠶᠢᠨ ᠵᠧᠨ ᠰᠢᠶᠦ᠋ᠩ ᠰᠢᠶᠠᠨ 镇雄县 ᠤ ᠠᠭᠤᠯᠠ ᠶᠡᠭᠦᠷᠡᠭᠰᠡᠨ ᠬᠡᠷᠡᠭ ᠪᠠ ᠾᠧᠨᠠᠨ ᠤ ᠨᠠᠨᠶᠠᠩ ᠬᠤᠲᠠ ᠶᠢᠨ ᠹᠠᠩ ᠴᠧᠩ ᠰᠢᠶᠠᠨ ᠤ ᠰᠤᠷᠭᠠᠭᠤᠯᠢ ᠶᠢᠨ ᠭᠠᠯ ᠤᠨ ᠬᠡᠷᠡᠭ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠦᠬᠦ ᠠᠶᠢᠮᠠᠭ ᠤᠨ ᠬᠠᠮᠢᠶ᠎ᠠ ᠪᠦᠬᠦᠢ ᠶᠠᠷᠢᠶ᠎ᠠ᠂ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠂ ᠨᠠᠮ ᠤᠨ ᠤᠳᠤᠷᠢᠳᠤᠯᠭ᠎ᠠ ᠪᠠ ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠪᠠ ︽ᠬᠤᠶᠠᠷ ᠬᠤᠷᠠᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠠᠢ᠃ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠪᠢᠶᠠᠨ ᠬᠠᠮᠢᠶᠠᠷᠴᠤ ᠪᠠᠶᠢᠭ᠎ᠠ ᠬᠦᠷᠢᠶ᠎ᠡ᠂ ᠬᠤᠪᠢᠶᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠬᠡᠷᠡᠭᠯᠡᠬᠦ ᠶᠢ ᠴᠢᠬᠤᠯᠠᠴᠢᠯᠠᠵᠤ᠂ ᠰᠡᠳᠬᠢᠯ ᠤᠨ ᠦᠭᠡ ᠪᠠᠨ ᠶᠠᠷᠢᠯᠴᠠᠬᠤ᠂ ᠶᠠᠷᠢᠯᠴᠠᠵᠤ ᠰᠠᠨᠠᠭᠤᠯᠬᠤ ᠶᠢ ᠪᠠᠶᠢᠩᠭᠤ ᠥᠷᠨᠢᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠶᠢᠭᠤᠯᠬᠤ ᠬᠡᠷᠡᠭᠲᠡᠶ ᠬᠡᠪᠡ᠃         ᠬᠤᠷᠠᠯ ᠠᠴᠠ ᠴᠢᠬᠤᠯᠠᠴᠢᠯᠠᠭᠰᠠᠨ ᠨᠢ᠄ ᠵᠢᠯ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠤᠯᠬᠤᠷ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠡᠯ᠎ᠡ ᠰᠤᠮᠤ ᠪᠠᠯᠭᠠᠰᠤ ᠂ ᠡᠯ᠎ᠡ ᠰᠠᠯᠠᠭ᠎ᠠ ᠮᠥᠴᠢᠷ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠤᠯᠠᠮ ᠴᠢᠨᠠᠭᠰᠢᠳᠠ ᠴᠢᠩᠭᠠᠷᠠᠭᠤᠯᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠬᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠬᠤ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠡᠶ᠎ᠡ ᠵᠣᠬᠢᠴᠠᠩᠭᠤᠢ ᠲᠣᠭᠲᠠᠭᠤᠨ ᠢ ᠨᠥᠯᠥᠭᠡᠯᠡᠬᠦ ᠡᠯ᠎ᠡ ᠲᠦᠷᠦᠯ ᠤᠨ ᠬᠦᠴᠦᠨ ᠵᠦᠢᠯ ᠢ ᠪᠦᠬᠦ ᠲᠠᠯ᠎ᠠ ᠪᠠᠷ ᠨᠠᠮᠳᠠᠭᠤᠯᠤᠨ ᠰᠡᠶᠢᠳᠪᠦᠷᠢᠯᠡᠵᠦ ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠦ ᠡᠯ᠎ᠡ ᠰᠠᠯᠠᠭ᠎ᠠ ᠮᠥᠴᠢᠷ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ 24 ᠴᠠᠭ ᠲᠤ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠡᠭᠡᠷ᠎ᠡ ᠪᠠᠨ ᠵᠢᠵᠢᠭᠦᠷᠯᠡᠬᠦ᠂ ᠭᠠᠳᠠᠭᠰᠢ ᠭᠠᠷᠪᠠᠯ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠠᠷᠠᠳ ᠲᠦᠮᠡᠨ ᠤ ᠠᠮᠤᠷ ᠠᠮᠤᠭᠤᠯᠠᠩ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠬᠡᠪᠡ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃         ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠭᠤᠤᠯ ᠬᠠᠷᠢᠭᠤᠴᠠᠯᠭᠠᠲᠠᠨ᠂ ᠬᠤᠰᠢᠭᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号