ᠮᠠᠨ ᠤ ᠬᠤᠰᠢᠭᠤᠨ ᠤ ᠲᠠᠷᠢᠶᠠᠯᠠᠩ ᠤᠨ ᠪᠠᠩᠬᠢ ᠮᠥᠩᠭᠦᠨ ᠭᠥᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/1/4
          ᠣᠶᠢᠷ᠎ᠠ ᠶᠢᠨ ᠵᠢᠯ ᠳᠤ᠂ ᠲᠠᠷᠢᠶᠠᠯᠠᠩ ᠤᠨ ᠪᠠᠩᠬᠢ ᠶᠢᠨ ᠰᠥᠨᠢᠳ ᠵᠡᠭᠦᠨ ᠬᠤᠰᠢᠭᠤᠨ ᠤ ᠰᠠᠯᠪᠤᠷᠢ ᠪᠠᠩᠬᠢ ᠶᠢᠨ ᠬᠢᠨ ᠮᠠᠯᠵᠢᠬᠤ ᠤᠷᠤᠨ ᠤ ︽ᠭᠤᠷᠪᠠᠨ ᠮᠠᠯᠵᠢᠬᠤ ᠭᠤᠷᠪᠠᠨ ᠲᠠᠷᠢᠶᠠᠯᠠᠬᠤ︾ ᠤᠷᠤᠨ ᠳᠤ ᠤᠶᠢᠯᠡᠴᠢᠯᠡᠬᠦ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠪᠦᠲᠦᠭᠡᠭᠳᠡᠬᠦᠨ ᠢᠶᠠᠷ ᠠᠷᠠᠳ ᠲᠤ ᠠᠰᠢᠭ ᠬᠦᠷᠲᠡᠭᠡᠬᠦ᠂ ᠲᠤᠭ᠎ᠠ ᠪᠠᠷᠢᠮᠲᠠ ᠪᠠᠷ ᠠᠷᠠᠳ ᠲᠤ ᠲᠥᠬᠦᠮ ᠦᠵᠡᠭᠦᠯᠬᠦ᠂ ᠠᠷᠠᠳ ᠲᠤ ᠤᠶᠢᠯᠡᠴᠢᠯᠡᠬᠦ ᠤᠶᠢᠯᠡᠴᠢᠯᠡᠭᠡ ᠎ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠠᠬᠦ ᠶᠢᠨ ᠲᠤᠰᠠᠲᠠ᠂ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠲᠠᠷᠢᠶᠠᠯᠠᠩ ᠤᠨ ᠪᠠᠩᠬᠢ ᠶᠢᠨ ᠰᠥᠨᠢᠳ ᠵᠡᠭᠦᠨ ᠬᠤᠰᠢᠭᠤᠨ ᠤ ᠰᠠᠯᠪᠤᠷᠢ ᠪᠠᠩᠬᠢ ᠨᠢ 220 ᠭᠠᠷᠤᠶ ᠮᠠᠯᠴᠢᠨ ᠡᠷᠦᠬᠡ ᠳᠤ ᠨᠡᠶᠢᠲᠡ 6300 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠬᠤ ᠎ ᠪᠠᠷ ᠪᠤᠯᠵᠤ᠂ ᠮᠠᠯᠵᠢᠬᠤ ᠣᠷᠣᠨ ᠤ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠤᠨᠤᠭᠠᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠪᠠᠷ ᠪᠠᠶᠢᠨ᠎ᠠ᠂ ᠣᠳᠣᠬᠠᠨ ᠳᠤ᠂ ᠲᠠᠷᠢᠶᠠᠯᠠᠩ ᠤᠨ ᠪᠠᠩᠬᠢ ᠶᠢᠨ ᠰᠥᠨᠢᠳ ᠵᠡᠭᠦᠨ ᠬᠤᠰᠢᠭᠤᠨ ᠤ ᠰᠠᠯᠪᠤᠷᠢ ᠪᠠᠩᠬᠢ ᠨᠢ 49 ᠭᠠᠴᠠᠭ᠎ᠠ ᠶᠢ ᠪᠠᠭᠲᠠᠭᠠᠭᠰᠠᠨ ᠮᠥᠩᠭᠦᠨ ᠭᠥᠢᠯᠭᠡᠭᠡᠨ ᠢᠶᠠᠷ ᠮᠠᠯ ᠠᠵᠤ ᠠᠬᠤᠶ ᠶᠢᠨ ᠡᠵᠡᠩᠨᠡᠯᠲᠡ ᠳᠤ ᠬᠦᠴᠦᠨ ᠨᠡᠮᠡᠷᠢᠯᠠᠬᠦ ᠪᠠᠷ ᠪᠠᠶᠢᠨ᠎ᠠ᠃           ᠣᠶᠢᠯᠠᠭᠠᠭᠰᠠᠨ ᠢᠶᠠᠷ᠂ ᠨᠢᠳᠤᠨᠤᠨ ᠴᠠᠭ ᠠᠭᠤᠷ ᠤᠨ ᠭᠠᠩ ᠬᠠᠭᠰᠠᠷᠠᠭᠠᠨ ᠤ ᠨᠥᠯᠥᠭᠡ ᠠᠴᠠ ᠪᠣᠯᠵᠣ᠂ ᠡᠪᠡᠰᠦ ᠪᠣᠷᠳᠣᠭᠠᠨ ᠤ ᠦᠨ᠎ᠡ ᠥᠰᠴᠦ᠂ ᠮᠠᠯ ᠤᠨ ᠦᠨ᠎ᠡ ᠲᠣᠭᠲᠠᠪᠤᠷᠢ ᠥᠬᠡᠶ ᠠᠴᠠ ᠮᠠᠯᠴᠢᠳ ᠤᠨ ᠡᠪᠡᠰᠦ ᠪᠣᠷᠳᠣᠭᠠᠨ ᠤ ᠥᠪᠡᠷ ᠤᠨ ᠥᠷᠲᠡᠭ ᠲᠠᠰᠤᠷᠠᠯᠲᠠ ᠥᠬᠡᠶ ᠨᠡᠮᠡᠭᠳᠡᠵᠤ᠂ ᠲᠠᠷᠢᠶᠠᠯᠠᠩ ᠤᠨ ᠪᠠᠩᠬᠢ ᠶᠢᠨ ᠰᠥᠨᠢᠳ ᠵᠡᠭᠦᠨ ᠬᠤᠰᠢᠭᠤᠨ ᠤ ᠰᠠᠯᠪᠤᠷᠢ ᠪᠠᠩᠬᠢ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠮᠠᠯᠴᠢᠳ ᠲᠤ ᠲᠡᠵᠢᠭᠡᠯ ᠡᠪᠡᠰᠦ ᠪᠣᠷᠳᠣᠭᠠᠨ ᠤ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦᠨ ᠤ ᠬᠠᠪᠰᠤᠷᠤᠯᠭ᠎ᠠ ᠬᠠᠩᠭᠠᠵᠤ᠂ ᠮᠠᠯᠴᠢᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠪᠦᠲᠦᠮᠵᠢᠲᠡᠶ ᠰᠢᠢᠤᠨᠪᠥᠷᠢᠯᠠᠵᠤ᠂ ᠡᠪᠡᠰᠦ ᠪᠤᠷᠲᠤᠭᠠᠨ ᠤ ᠵᠢᠭᠡᠯᠡᠯᠭᠡ ᠲᠠᠯᠪᠢᠬᠤ ᠪᠠᠷ ᠳᠠᠮᠵᠢᠭᠤᠯᠤᠨ᠂ ᠮᠠᠯᠴᠢᠨ ᠲᠦᠮᠡᠨ ᠤ ᠡᠪᠡᠰᠦ ᠪᠣᠷᠳᠤᠭ᠎ᠠ ᠬᠤᠳᠠᠯᠳᠤᠨ ᠠᠪᠬᠤ ᠬᠡᠷᠡᠭᠴᠡᠭᠡ ᠶᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠮᠠᠯᠴᠢᠨ ᠲᠦᠮᠡᠨ ᠤ ᠳᠡᠷᠭᠡᠳᠡ ᠬᠦᠷᠭᠡᠵᠦ᠂ ᠮᠥᠩᠭᠦᠨ ᠭᠥᠢᠯᠭᠡᠭᠡᠨ ᠤ ᠤᠶᠢᠯᠡᠴᠢᠯᠡᠭᠡᠨ ᠤ ᠬᠥᠳᠡᠭᠡ ᠲᠣᠰᠬᠤᠨ ᠤ ︽ᠡᠴᠦᠰ ᠤᠨ ᠨᠢᠭᠡ  ᠺᠢᠯᠤᠮᠧᠲᠷ ︾᠎ ᠢ ᠨᠡᠪᠲᠡᠷᠡᠭᠦᠯᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号