ᠮᠠᠨ ᠤ ᠬᠤᠰᠢᠭᠤᠨ ᠤ ᠡᠯ᠎ᠠ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠬᠢᠴᠢᠶᠠᠯ ᠡᠬᠢᠯᠡᠪᠡ
ᠨᠡᠶᠢᠲᠡᠯᠡᠭᠰᠡᠨ ᠴᠠᠭ᠄
2024/3/18

      ᠰᠢᠨ᠎ᠡ ᠰᠤᠷᠤᠯᠭ᠎ᠠ ᠶᠢᠨ ᠬᠤᠭᠤᠴᠠᠭ᠎ᠠ ᠪᠣᠯᠵᠤᠭ᠎ᠠ ᠶᠣᠰᠣᠭᠠᠷ ᠢᠶᠠᠨ ᠬᠦᠷᠴᠦ ᠢᠷᠡᠯ᠎ᠠ᠂ 2 ᠳ᠋ᠤᠭᠠᠷ

ᠰᠠᠷ᠎ᠠ ᠶᠢᠨ 26᠎ ᠤ ᠡᠳᠦᠷ᠂ ᠮᠠᠨ ᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ

ᠴᠡᠴᠡᠷᠯᠢᠭ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠢᠶᠠᠨ ᠤᠭᠲᠤᠨ ᠠᠪᠴᠢᠷᠠᠯ᠎ᠠ᠂ ᠥᠷᠭᠡᠨ ᠣᠯᠠᠨ ᠪᠠᠭᠰᠢ

ᠰᠤᠷᠤᠭᠴᠢᠳ ᠰᠢᠨ᠎ᠡ ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠰᠤᠷᠤᠯᠭ᠎ᠠ ᠶᠢᠨ

ᠬᠤᠭᠤᠴᠠᠭᠠᠨ ᠤ ᠠᠮᠢᠳᠤᠷᠠᠯ ᠢᠶᠠᠨ ᠡᠬᠢᠯᠡᠭᠦᠯᠤᠭ᠍ᠰᠡᠨ ᠪᠠᠶᠢᠨ᠎ᠠ᠃

     

      ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠡᠮᠡᠴᠡᠬᠦ ᠬᠠᠷᠠᠯᠲᠠ ᠪᠠᠨ ᠲᠤᠭᠲᠠᠭᠠᠬᠤ ᠶᠢᠨ ᠲᠥᠯᠥᠭᠡ᠂ ᠪᠥᠬᠦ

ᠪᠠᠭᠰᠢ ᠰᠤᠷᠤᠭᠴᠢᠳ ᠤᠨ ᠰᠤᠷᠤᠯᠴᠠᠬᠤ ᠤᠷᠮ᠎ᠠ ᠵᠣᠷᠢᠭ ᠢ ᠬᠥᠭᠵᠢᠭᠡᠵᠦ᠂ ᠬᠥᠷ ᠬᠥᠭᠵᠢᠶᠡᠨ ᠲᠠᠢ᠂ ᠡᠶ᠎ᠡ

ᠵᠣᠬᠢᠴᠠᠯ ᠲᠠᠢ᠂ ᠥᠭᠡᠳᠡᠯᠡᠨ ᠳᠠᠪᠰᠢᠬᠤ ᠰᠤᠷᠤᠯᠭ᠎ᠠ ᠡᠬᠢᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ

ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ 2024 ᠣᠨ ᠤ ᠬᠠᠪᠤᠷ ᠤᠨ

ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠤᠯᠤᠰ ᠤᠨ ᠲᠤᠭ

ᠮᠠᠨᠳᠤᠭᠤᠯᠬᠤ ᠶᠣᠰᠣᠯᠠᠯ ᠢ ᠵᠠᠯᠭᠠᠭ᠎ᠠ ᠪᠠᠷ ᠶᠠᠪᠤᠭᠳᠠᠭᠤᠯᠵᠤ᠂ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠳᠤ᠂

ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂

ᠨᠠᠰᠤᠨ ᠳᠤ ᠥᠯᠥ ᠭᠦᠷᠦᠭᠰᠡᠳ ᠤᠨ ᠰᠤᠷᠤᠯᠭ᠎ᠠ ᠬᠥᠮᠦᠵᠢᠯ ᠵᠢᠯᠣᠭᠤᠳᠣᠯᠭ᠎ᠠ ᠶᠢᠨ ᠠᠵᠢᠯ ᠢ ᠰᠠᠶᠢᠲᠤᠷ ᠬᠢᠵᠤ᠂ ᠡᠯ᠎ᠡ

ᠳᠤᠮᠳᠠᠳᠤ ᠪᠠᠭ᠎ᠠ ᠰᠤᠷᠭᠠᠭᠤᠯᠢ ᠨᠤᠭᠤᠳ ᠣᠯᠠᠨ ᠬᠡᠯᠪᠡᠷᠢ ᠶᠢᠨ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾᠎ ᠢ

ᠥᠷᠨᠢᠭᠦᠯᠵᠤ᠂ ᠡᠯ᠎ᠡ ᠠᠩᠭᠢ ᠶᠢᠨ ᠡᠷᠬᠢᠯᠡᠭᠴᠢ ᠰᠤᠷᠤᠭᠴᠢᠳ ᠢᠶᠠᠨ ᠵᠣᠬᠢᠶᠠᠨ ᠪᠠᠶᠢᠭᠤᠯᠵᠤ ᠪᠠᠶᠢᠭᠠᠳ ᠡᠬᠡ ᠣᠷᠣᠨᠴᠢ

ᠦᠵᠡᠯ ᠤᠨ ᠬᠥᠮᠦᠵᠢᠯ᠂ ᠬᠥᠳᠡᠯᠮᠦᠷᠢ ᠦᠢᠯᠡᠳᠦᠯᠭᠡ᠂ ᠰᠡᠳᠬᠢᠴᠡ ᠶᠢᠨ ᠡᠷᠡᠭᠦᠯ ᠮᠡᠨᠳᠦ᠂ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠭᠴᠢᠳ ᠲᠤ ᠬᠢᠴᠢᠶᠡᠯ ᠣᠷᠣᠵᠤ᠂

ᠰᠤᠷᠭᠠᠭᠤᠯᠢ ᠡᠬᠢᠯᠡᠬᠦ ᠠᠴᠠ ᠡᠮᠦᠨ᠎ᠡ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠳᠤᠮᠳᠠᠳᠤ

ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠠᠴᠠ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ᠂

ᠬᠢᠴᠢᠶᠡᠯ ᠬᠥᠮᠦᠵᠢᠯ ᠤᠨ ᠲᠣᠬᠢᠷᠠᠭᠤᠯᠤᠯᠲᠠ ᠵᠡᠷᠭᠡ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ᠂ ᠡᠯ᠎ᠡ

ᠵᠦᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠬᠡᠪ ᠤᠨ ᠡᠮᠬᠢ ᠵᠢᠷᠤᠮ ᠲᠠᠢ

ᠶᠠᠪᠤᠭᠳᠠᠬᠤ ᠶᠢ ᠪᠠᠲᠤᠯᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠨᠢᠭᠡᠨ ᠰᠠᠶᠢᠨ ᠰᠠᠶᠢᠬᠠᠨ ᠰᠤᠷᠭᠠᠨ

ᠬᠥᠮᠦᠵᠢᠯ ᠤᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ᠃

 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号