ᠸᠠᠩ ᠶᠦᠩ ᠵᠢᠶᠦ᠋ᠨ ᠰᠠᠶᠢᠬᠠᠠᠭᠤᠪᠢ ᠰᠤᠮᠤᠨ ᠳᠤ ᠭᠦᠨᠵᠡᠭᠡᠶᠢᠷᠡᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/18

      2 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ

ᠰᠠᠶᠢᠬᠠᠠᠭᠤᠪᠢ ᠰᠤᠮᠤᠨ ᠤ ᠪᠠᠶ᠋ᠬᠤᠷᠬᠢᠯ ᠭᠠᠴᠠᠭᠠᠨ ᠤ ᠬᠠᠵᠠᠭᠤ ᠭᠤᠪᠢ ᠬᠡᠷ ᠪᠦᠯᠢ ᠶᠢᠨ ᠮᠠᠯᠵᠢᠯ ᠤᠨ ᠲᠠᠯᠠᠪᠠᠶ᠂

ᠦᠷᠬᠡᠨᠬᠦᠭᠵᠢᠯ ᠭᠠᠴᠠᠭᠠᠨ ᠤ ᠪᠦᠬᠦᠯᠢ ᠡᠳᠦᠷ ᠤᠨ ᠪᠤᠷᠳᠤᠭ᠎ᠠ ᠨᠠᠶᠢᠷᠠᠭᠤᠯᠬᠤ ᠰᠠᠭᠤᠷᠢᠨ ᠭᠠᠵᠠᠷ ᠲᠤ ᠬᠦᠷᠴᠦ

ᠬᠠᠪᠤᠷ ᠤᠨ ᠤᠯᠠᠷᠢᠯ ᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ᠂ ᠬᠠᠰᠢᠶᠠᠯᠠᠨ ᠲᠡᠵᠢᠭᠡᠬᠦ ᠮᠠᠯ ᠠᠵᠤ

ᠠᠬᠤᠶ᠂ ᠭᠠᠴᠠᠭᠠᠨ ᠤ ᠬᠠᠮᠲᠤ ᠶᠢᠨ ᠠᠵᠤ ᠠᠬᠤᠶ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ

ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠵᠡᠷᠬᠡ ᠶᠢ ᠪᠠᠶᠢᠴᠠᠭᠠᠨ ᠰᠤᠳᠤᠯᠪᠠ᠃

     

      ᠸᠠᠩ ᠶᠦᠩ ᠵᠢᠶᠦ᠋ᠨ ᠠᠴᠠ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ

ᠬᠡᠯᠪᠡᠷᠢ ᠶᠢ ᠬᠤᠪᠢᠷᠠᠭᠤᠯᠬᠤ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂

ᠪᠡᠯᠴᠢᠭᠡᠷᠯᠡᠭᠦᠯᠬᠦ ᠶᠢ ᠵᠣᠭᠰᠣᠭᠠᠬᠤ ᠵᠢᠴᠢ ᠮᠠᠯ ᠪᠡᠯᠴᠢᠭᠡᠷ ᠤᠨ ᠲᠡᠩᠴᠡᠬᠦᠷᠢᠰᠢᠯ ᠢ ᠪᠠᠳᠤᠯᠠᠬᠤ ᠳᠦᠷᠢᠮ ᠢ ᠴᠢᠩᠭ᠎ᠠ

ᠬᠡᠷᠡᠭᠵᠢᠭᠦᠯᠵᠦ᠂ ᠬᠠᠰᠢᠶᠠᠯᠠᠨ ᠲᠡᠵᠢᠭᠡᠬᠦ ᠮᠠᠯ ᠠᠵᠤ ᠠᠬᠤᠢ ᠵᠢᠴᠢ ᠲᠦᠬᠦᠬᠡᠷᠦᠮᠵᠢᠳᠦ ᠮᠠᠯ ᠠᠵᠤ ᠠᠬᠤᠢ ᠳᠤ

ᠦᠷᠭᠦᠯᠵᠢᠯᠡᠨ ᠬᠦᠴᠦ ᠣᠷᠣᠭᠤᠯᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠦᠢᠯᠡᠳᠪᠦᠷᠢᠯᠡᠯ

ᠡᠵᠡᠩᠨᠡᠯᠲᠡ ᠶᠢᠨ ᠠᠷᠭ᠎ᠠ ᠬᠡᠯᠪᠡᠷᠢ ᠶᠢ ᠨᠢ ᠰᠢᠯᠢᠳᠡᠭᠵᠢᠬᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ

ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠪᠣᠯᠤᠨ ᠮᠠᠯ ᠠᠵᠤ ᠠᠬᠤᠢ ᠶᠢᠨ ᠬᠥᠭᠵᠢᠯᠲᠡ ᠶᠢᠨ ︽

ᠬᠤᠣᠰ ᠴᠢᠭᠯᠡᠯ ᠢᠶᠠᠷ ᠤᠷᠤᠭᠰᠢᠯᠠᠬᠤ︾ ᠶᠢ ᠪᠡᠶᠡᠯᠡᠭᠦᠯᠬᠦ ᠬᠡᠷᠡᠭᠲᠡᠢ᠃ ᠲᠡᠮᠡᠭᠡ ᠲᠡᠵᠢᠭᠡᠨ ᠦᠷᠡᠵᠢᠭᠦᠯᠬᠦ ᠠᠵᠤ

ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠣᠷᠣᠨ ᠨᠤᠲᠤᠭ ᠤᠨ ᠤᠨᠴᠠᠯᠢᠬᠳᠤ ᠠᠵᠤ ᠦᠢᠯᠡᠰ ᠢ

ᠬᠦᠭᠵᠢᠬᠦᠯᠬᠦ ᠳᠤ ᠴᠢᠬᠤᠯᠠ ᠠᠷᠭ᠎ᠠ ᠬᠡᠮᠵᠢᠶ᠎ᠡ ᠠᠪᠴᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠴᠢᠬᠤᠯᠠ

ᠭᠠᠷᠳᠠᠴᠠ ᠪᠤᠯᠭᠠᠨ᠂ ᠠᠵᠤ ᠠᠬᠤᠶᠢᠯᠠᠯ ᠪᠠ ᠮᠠᠯ ᠠᠵᠤ ᠠᠬᠤᠶ ᠶᠢᠨ ᠬᠤᠷᠰᠢᠶᠠᠵᠢᠯ ᠤᠨ ᠲᠡᠵᠢᠭᠡᠨ ᠦᠷᠡᠵᠢᠭᠦᠯᠬᠦ

ᠬᠡᠪᠴᠢᠶ᠎ᠡ ᠪᠠᠨ ᠥᠷᠭᠡᠳᠬᠡᠬᠦ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠲᠡᠮᠡᠭᠡᠨ ᠰᠦ᠂ ᠲᠡᠮᠡᠭᠡᠨ ᠨᠣᠯᠤᠤᠷ ᠵᠡᠷᠭᠡ

ᠰᠢᠷᠢᠰ ᠦᠢᠯᠡᠳᠬᠦᠨ ᠢ ᠨᠡᠭᠡᠭᠡᠨ ᠬᠥᠭᠵᠢᠭᠦᠯᠵᠦ᠂ ᠲᠡᠵᠢᠭᠡᠨ ᠦᠷᠡᠵᠢᠭᠦᠯᠬᠦ ᠡᠳ᠋ᠰᠢᠭᠦᠯᠬᠦ ᠪᠠ ᠮᠠᠯᠴᠢᠳ᠂ ᠠᠵᠤ

ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠯᠴᠢᠳ ᠤᠨ

ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠭᠠᠴᠠᠭᠠᠨ ᠤ

︽ᠬᠤᠶᠠᠷ ᠵᠥᠪᠯᠡᠯ︾ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ

ᠰᠡᠳᠬᠢᠮᠵᠢ ᠪᠠᠨ ᠥᠷᠭᠡᠳᠬᠡᠨ᠂ ᠪᠠᠶᠠᠵᠢᠭᠤᠯᠬᠤ ᠠᠵᠤ ᠦᠢᠯᠡᠰ ᠢ ᠲᠥᠯᠥᠪᠯᠡᠵᠦ᠂ ᠭᠠᠴᠠᠭᠠᠨ ᠤ ᠬᠠᠮᠲᠤ ᠶᠢᠨ ᠠᠵᠤ

ᠠᠬᠤᠶ ᠶᠢ ᠬᠥᠭᠵᠢᠭᠦᠯᠦᠨ᠂ ᠦᠨᠡᠨᠬᠦ ᠮᠠᠯᠵᠢᠬᠤ ᠣᠷᠣᠨ ᠢ ᠪᠠᠶᠠᠵᠢᠭᠤᠯᠬᠤ ᠳᠠᠭᠠᠭᠤᠯᠤᠭᠴᠢ ᠪᠤᠯᠭᠠᠬᠤ ᠬᠡᠷᠡᠭᠲᠡᠶ᠃

ᠡᠭᠦᠨ ᠤ ᠬᠠᠮᠲᠤ᠂ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ

ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠠᠯ ᠠᠵᠤ ᠠᠬᠤᠢ ᠪᠣᠯᠤᠨ ᠨᠤᠲᠤᠭ ᠪᠡᠯᠴᠢᠭᠡᠷ ᠤᠨ ᠠᠮᠢ

ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠬᠡᠷᠡᠭᠳᠠᠢ ᠬᠡᠪᠡ᠃

     

      ᠪᠠᠶᠢᠴᠠᠭᠠᠨ ᠰᠤᠳᠤᠯᠤᠯᠲᠠ ᠳᠤ᠂ ᠸᠠᠩ ᠶᠦᠩ ᠵᠢᠶᠦ᠋ᠨ ᠪᠠᠰᠠ ᠨᠠᠰᠢ ᠴᠠᠰᠢ ᠥᠩᠭᠡᠷᠡᠬᠦ ᠮᠠᠯᠴᠢᠳ ᠲᠠᠢ

ᠰᠠᠨᠠᠯ ᠢᠶᠠᠨ ᠰᠣᠯᠢᠯᠴᠠᠵᠤ᠂ ᠮᠠᠯᠴᠢᠳ ᠤᠨ ᠣᠳᠣᠬᠠᠨ ᠤ ᠦᠢᠯᠡᠳᠪᠦᠷᠢᠯᠡᠯ ᠠᠮᠢᠳᠤᠷᠠᠯ᠂ ᠭᠡᠷ ᠪᠦᠯᠢ ᠶᠢᠨ ᠣᠷᠣᠯᠭ᠎ᠠ᠂

ᠡᠪᠡᠰᠦ ᠪᠣᠷᠳᠤᠭ᠎ᠠ ᠶᠢ ᠨᠦᠬᠡᠴᠢᠯᠡᠭᠰᠡᠨ ᠪᠠᠶᠢᠳᠠᠯ᠂ ᠬᠠᠪᠤᠷ ᠤᠨ ᠤᠯᠠᠷᠢᠯ ᠤᠨ ᠲᠦᠯ ᠲᠣᠰᠴᠤ ᠪᠤᠶᠢᠵᠢᠭᠤᠯᠬᠤ

ᠠᠵᠢᠯ ᠵᠡᠷᠭᠡ ᠢ ᠨᠠᠷᠢᠨ ᠣᠶᠢᠯᠠᠭᠠᠪᠠ᠃

      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ

ᠬᠡᠷ ᠤᠨ ᠡᠷᠬᠢᠯᠡᠭᠴᠢ ᠸᠠᠩ ᠬᠥᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠡᠬᠡᠵᠢᠯᠳᠦ ᠵᠢᠴᠢ ᠰᠠᠶᠢᠬᠠᠠᠭᠤᠪᠢ

ᠰᠤᠮᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号