ᠡᠶᠢᠮᠦ ᠢᠳᠡᠭᠡᠨ ᠢ ᠴᠡᠬᠡᠷᠯᠡ
ᠨᠡᠶᠢᠲᠡᠯᠡᠭᠰᠡᠨ ᠴᠠᠭ᠄
2024/3/19

         ᠠᠮᠲᠠ ᠣᠷᠣᠭᠤᠯᠣᠬᠰᠠᠨ ᠵᠢᠮᠢᠰ ᠤᠨ ᠦᠷ᠎ᠡ᠃ ᠠᠮᠲᠠ ᠣᠷᠣᠭᠤᠯᠤᠭᠰᠠᠨ ᠵᠢᠮᠢᠰ ᠤᠨ ᠦᠷ᠎ᠡ ᠨᠢ ᠰᠢᠬᠢᠷ

᠂ ᠳᠠᠪᠤᠰᠤ ᠪᠤᠶᠤ ᠪᠤᠰᠤᠳ ᠠᠮᠲᠠ ᠣᠷᠣᠭᠤᠯᠬᠤ ᠡᠳ᠋ ᠢ ᠨᠡᠮᠡᠵᠦ᠂ ᠴᠢᠨᠠᠷ ᠬᠤᠪᠢᠷᠠᠬᠤ ᠠᠴᠠ ᠰᠡᠷᠬᠡᠶᠢᠯᠡᠳᠡᠭ᠂ ᠡᠶᠢᠮᠦ

ᠢᠳᠡᠭᠡᠨ ᠨᠢ ᠬᠥᠮᠥᠰ ᠢ ᠠᠮᠠᠷᠬᠠᠨ ᠮᠠᠷᠢᠶᠠᠯᠠᠭᠤᠯᠳᠠᠭ᠃

         ᠰᠦᠨ ᠤᠮᠳᠠᠭᠠᠨ᠃ ᠴᠠᠭᠠᠨ ᠰᠢᠬᠢᠷ᠂ ᠨᠢᠰᠢᠩᠭᠦ ᠶᠢᠨ ᠰᠢᠬᠢᠷ᠂ ᠵᠢᠮᠢᠰ ᠤᠨ ᠰᠢᠬᠢᠷ ᠵᠡᠷᠭᠡ ᠰᠢᠬᠢᠷ ᠤᠨ

ᠪᠦᠷᠢᠯᠳᠦᠭᠦᠨ ᠢ ᠨᠡᠮᠡᠭᠰᠡᠨ ᠰᠦᠨ ᠤᠮᠳᠠᠭᠠᠨ ᠤ ᠢᠯᠴᠢ ᠶᠢᠨ ᠬᠡᠮᠵᠢᠶ᠎ᠡ ᠨᠢ ᠬᠡᠳᠦ ᠶᠡᠭᠡ ᠪᠠᠶᠢᠵᠦ᠂ ᠣᠣᠭᠤᠪᠠᠯ

ᠠᠮᠠᠷᠬᠠᠨ ᠮᠠᠷᠢᠶᠠᠯᠠᠳᠠᠭ᠃

         ᠨᠣᠭᠤᠭ᠎ᠠ ᠵᠢᠮᠢᠰ ᠪᠤᠶᠤ ᠤᠯᠠᠭᠠᠨ ᠲᠥᠮᠥᠰᠥ ᠶᠢᠨ ᠬᠠᠳᠠᠭᠠᠮᠠᠯ᠃ ᠡᠶᠢᠮᠦᠷᠬᠦ ᠵᠦᠢᠯ ᠢ ᠬᠢᠬᠦ ᠳᠤ

ᠲᠣᠰᠣᠨ ᠳᠤ ᠪᠤᠴᠠᠯᠭᠠᠵᠤ᠂ ᠰᠢᠬᠢᠷ ᠳᠠᠪᠤᠰᠦ ᠬᠢᠵᠦ ᠪᠠᠶᠢᠳᠠᠭ ᠠᠴᠠ ᠮᠦᠨ ᠠᠮᠠᠷᠬᠠᠨ ᠮᠠᠷᠢᠶᠠᠯᠠᠭᠤᠯᠳᠠᠭ᠃

         ᠮᠢᠬᠠᠨ ᠤ ᠳᠠᠷᠤᠰᠢ᠂ ᠥᠨᠳᠡᠭᠡᠨ ᠤ ᠲᠥᠷᠥᠯ ᠤᠨ ᠢᠳᠡᠭᠡᠨ᠃ ᠡᠶᠢᠮᠦᠷᠬᠦ ᠰᠤᠯᠠ ᠢᠳᠡᠭᠡᠨ ᠤ

ᠣᠯᠠᠩᠬᠢ ᠶᠢ ᠨᠢ ᠤᠲᠤᠵᠤ ᠬᠢᠭᠰᠡᠨ ᠪᠤᠶᠤ ᠠᠮᠳᠠ ᠣᠷᠣᠭᠤᠯᠣᠬᠴᠢ ᠲᠠᠢ ᠵᠢᠩᠨᠡᠵᠦ ᠭᠠᠷᠭᠠᠭᠰᠠᠨ ᠶᠤᠮ᠂ ᠶᠡᠭᠡ

ᠬᠡᠮᠵᠢᠶᠡᠨ ᠤ ᠲᠣᠰᠣ᠂ ᠳᠠᠪᠤᠰᠤ᠂ ᠰᠢᠬᠢᠷ ᠵᠡᠷᠭᠡ ᠡᠳ᠋ ᠠᠭᠤᠯᠵᠤ ᠪᠠᠶᠢᠳᠠᠭ᠂ ᠦᠢᠯᠡᠳᠬᠦ ᠶᠠᠪᠤᠴᠠ ᠳᠤ ᠢᠳᠡᠭᠡᠨ ᠨᠢ

ᠰᠢᠮ᠎ᠡ ᠲᠡᠵᠢᠭᠡᠯ ᠢᠶᠠᠨ ᠠᠯᠳᠠᠵᠤ᠂ ᠪᠠᠰᠠ ᠪᠠᠭ᠎ᠠ ᠬᠡᠮᠵᠢᠶᠡᠨ ᠤ ᠠᠽᠣᠲ ᠬᠦᠴᠢᠯ ᠤᠨ ᠨᠠᠳ᠋ᠷᠢ ᠶᠢ ᠨᠡᠮᠡᠵᠦ

ᠢᠯᠵᠢᠷᠡᠬᠦ ᠶᠢ ᠰᠡᠷᠭᠡᠶᠢᠯᠡᠬᠦ ᠪᠠ ᠥᠩᠭᠡ ᠣᠷᠣᠭᠤᠯᠳᠠᠭ᠂ ᠤᠷᠲᠤ ᠬᠤᠭᠤᠴᠠᠭ᠎ᠠ ᠪᠠᠷ ᠬᠡᠷᠡᠭᠯᠡᠪᠡᠯ ᠬᠥᠮᠥᠨ ᠤ ᠪᠡᠶ᠎ᠡ ᠳᠤ

ᠬᠤᠣᠷᠲᠠᠢ ᠶᠤᠮ᠃

         ᠵᠢᠮᠢᠰ ᠤᠨ ᠰᠢᠭᠦᠰᠦ᠃ ᠵᠢᠮᠢᠰ ᠤᠨ ᠰᠢᠬᠠᠬᠰᠠᠨ ᠰᠢᠭᠦᠰᠦ ᠨᠢ ᠤᠷᠭᠤᠮᠠᠯ ᠤᠨ ᠡᠰ ᠤᠨ ᠬᠠᠨ᠎ᠠ ᠶᠢ

ᠡᠪᠳᠡᠵᠦ᠂ ᠵᠢᠮᠢᠰ ᠤᠨ ᠰᠢᠭᠦᠰᠦᠨ ᠳᠠᠬᠢ ᠴᠢᠯᠦᠭᠡᠲᠦ ᠰᠢᠬᠢᠷ ᠢ ᠨᠡᠮᠡᠭᠳᠡᠭᠦᠯᠦᠨ᠂ ᠴᠢᠰᠤᠨ ᠰᠢᠬᠢᠷ ᠤᠨ ᠤᠷᠪᠠᠯ ᠢ

ᠨᠡᠮᠡᠭᠳᠡᠭᠦᠯᠳᠡᠭ᠂ ᠡᠶᠢᠮᠦ ᠠᠴᠠ ᠵᠦᠭᠡᠷ ᠯᠠ ᠵᠢᠮᠢᠰ ᠢᠳᠡᠬᠦ ᠨᠢ ᠵᠢᠮᠢᠰ ᠤᠨ ᠰᠢᠭᠦᠰᠦ ᠤᠤᠭᠤᠬᠤ ᠠᠴᠠ ᠬᠤᠯᠠ

ᠳᠡᠭᠡᠷ᠎ᠡ ᠪᠠᠶᠢᠳᠠᠭ᠃

   

 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号