ᠡᠨᠡ 5 ᠵᠦᠢᠯ ᠤᠨ ᠴᠠᠢ ᠶᠢ ᠬᠠᠮᠤᠭ ᠰᠠᠶᠢᠨ ᠨᠢ ᠪᠢᠳᠡᠭᠡᠢ ᠤᠤᠭᠤ
ᠨᠡᠶᠢᠲᠡᠯᠡᠭᠰᠡᠨ ᠴᠠᠭ᠄
2024/3/19
ᠡᠨᠡ 5 ᠵᠦᠢᠯ ᠤᠨ ᠴᠠᠢ ᠶᠢ ᠤᠤᠭᠤᠬᠤ ᠶᠢ ᠰᠠᠨᠠᠭᠠᠴᠢᠯᠠᠬᠤ ᠦᠭᠡᠢ

        1. ᠥᠳᠬᠡᠨ ᠴᠠᠢ᠂ ᠲᠡᠮᠦᠷᠲᠦ ᠴᠢᠰᠤ ᠳᠤᠲᠠᠬᠤ ᠡᠪᠡᠳᠴᠢᠲᠡᠨ ᠨᠢ ᠥᠳᠬᠡᠨ ᠴᠠᠢ ᠶᠢ ᠪᠠᠭ᠎ᠠ

ᠤᠤᠭᠤᠭᠠᠷᠠᠢ᠂ ᠥᠳᠬᠡᠨ ᠴᠠᠢ ᠤᠨᠲᠠᠬᠤ ᠶᠢ ᠨᠥᠯᠥᠭᠡᠯᠡᠨ᠎ᠡ᠂ ᠴᠠᠢ ᠤᠤᠭᠤᠬᠤ ᠴᠠᠭ ᠪᠠ ᠬᠡᠮᠵᠢᠶ᠎ᠡ ᠪᠠᠨ ᠴᠤ

ᠠᠩᠬᠠᠷᠬᠤ ᠬᠡᠷᠡᠭᠲᠡᠢ᠃

        2. ᠸᠠᠯᠠᠭᠰᠠᠨ ᠴᠠᠶ᠂ ᠸᠠᠯᠠᠭᠰᠠᠨ ᠴᠠᠢ ᠶᠢ ᠤᠤᠭᠤᠪᠠᠯ ᠬᠥᠩᠭᠡᠨ ᠦᠶ᠎ᠡ ᠳᠤ ᠰᠠᠭᠤᠯᠭᠠᠬᠤ ᠵᠡᠷᠭᠡ

ᠢᠳᠡᠭᠡᠨ ᠳᠤ ᠬᠤᠣᠷᠳᠠᠭᠳᠠᠬᠤ ᠰᠢᠨᠵᠢ ᠪᠠᠶᠢᠳᠠᠯ ᠭᠠᠷᠴᠤ᠂ ᠬᠦᠨᠳᠦ ᠦᠶ᠎ᠡ ᠳᠤ ᠡᠯᠢᠭᠡ᠂ ᠪᠥᠭᠡᠷ᠎ᠡ ᠵᠡᠷᠭᠡ ᠴᠢᠬᠤᠯᠠ

ᠡᠷᠬᠡᠲᠡᠨ ᠤ ᠡᠪᠡᠳᠴᠢᠨ ᠤ ᠬᠤᠪᠢᠷᠠᠯᠲᠠ ᠶᠢ ᠡᠭᠦᠰᠭᠡᠵᠦ ᠮᠡᠳᠡᠨ᠎ᠡ᠃

        3. ᠦᠨᠦᠷᠳᠦ ᠴᠠᠶ᠂ ᠡᠨᠡ ᠴᠠᠶ ᠳᠤ ᠲᠧᠷᠫᠧᠨ ᠤ ᠲᠥᠷᠥᠯ ᠤᠨ ᠪᠣᠳᠠᠰ ᠠᠭᠤᠯᠤᠭᠳᠠᠵᠤ᠂ ᠪᠦᠲᠦᠴᠡ ᠨᠢ

ᠣᠯᠠᠨ ᠰᠦᠪᠡ ᠲᠠᠢ ᠪᠠᠶᠢᠳᠠᠭ ᠪᠦᠭᠡᠳ ᠮᠠᠰᠢ ᠠᠮᠠᠷᠬᠠᠨ ᠢᠶᠠᠷ ᠰᠣᠨᠢᠨ ᠦᠨᠦᠷ ᠢ ᠰᠢᠩᠭᠡᠭᠡᠨ ᠠᠪᠳᠠᠭ᠂ ᠲᠡᠭᠦᠨ ᠢ

ᠪᠤᠰᠤᠳ ᠦᠨᠦᠷᠳᠦ ᠶᠠᠭᠤᠮ᠎ᠠ ᠲᠠᠢ ᠨᠢᠭᠡ ᠬᠡᠰᠡᠭ ᠬᠤᠭᠤᠴᠠᠭ᠎ᠠ ᠲᠠᠯᠪᠢᠭᠰᠠᠨ ᠤ ᠳᠠᠷᠠᠭ᠎ᠠ ᠮᠠᠰᠢ ᠠᠮᠠᠷᠬᠠᠨ ᠠᠮᠲᠠ ᠨᠢ

ᠬᠤᠪᠢᠷᠠᠳᠠᠭ᠃ ᠵᠠᠷᠢᠮ ᠠᠮᠳ᠋ᠨ ᠳᠤᠨᠢ ᠬᠤᠣᠷᠲᠤ ᠡᠳ᠋ ᠠᠭᠤᠯᠵᠤ ᠪᠠᠶᠢᠳᠠᠭ᠂ ᠵᠢᠱᠢᠶᠡᠯᠡᠪᠡᠯ ᠰᠢᠷ ᠤᠨ ᠦᠨᠦᠷ

ᠵᠡᠷᠭᠡ ᠨᠢ ᠬᠥᠮᠦᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠳᠠᠭ᠃

        4. ᠤᠳᠠᠭᠠᠨ ᠪᠦᠷᠢᠬᠦ ᠴᠠᠢ᠂ ᠪᠦᠷᠢᠬᠦ ᠴᠠᠭ ᠨᠢ ᠬᠡᠲᠦ ᠣᠷᠳᠣ ᠪᠤᠯᠪᠠᠯ ᠴᠠᠶ ᠶᠢᠨ ᠥᠩᠭᠡ ᠨᠢ ᠪᠦᠳᠡᠭᠢ᠂

ᠠᠮᠲᠠ ᠨᠢ ᠠᠨᠠᠶ ᠪᠤᠯᠵᠤ᠂ ᠠᠮᠲᠠᠯᠠᠬᠤ ᠦᠨ᠎ᠡ ᠥᠷᠲᠡᠭ ᠢᠶᠠᠨ ᠠᠯᠳᠠᠬᠤ ᠪᠠᠷ ᠪᠠᠷᠠᠬᠤ ᠥᠬᠡᠶ᠂ ᠪᠠᠰᠠ ᠴᠠᠶ

ᠳᠣᠲᠣᠷᠠᠬᠢ ᠸᠢᠲ᠋ᠠᠮᠢᠨ ᠵᠡᠷᠭᠡ ᠨᠢ ᠢᠰᠦᠯᠳᠦᠭᠰᠡᠨ ᠠᠴᠠ ᠪᠣᠯᠵᠣ ᠪᠠᠭᠠᠰᠴᠤ᠂ ᠴᠠᠶ ᠶᠢᠨ ᠰᠢᠮ᠎ᠡ ᠲᠡᠵᠢᠭᠡᠯ ᠢ ᠶᠡᠭᠡ ᠪᠠᠷ

ᠪᠠᠭᠤᠷᠠᠭᠤᠯᠳᠠᠭ᠃

        5. ᠬᠡᠲᠦ ᠬᠠᠯᠠᠭᠤᠨ ᠴᠠᠶ᠂ ᠴᠠᠶ ᠪᠦᠷᠢᠬᠦ ᠤᠰᠤᠨ ᠤ ᠬᠠᠯᠠᠭᠤᠨ ᠨᠢ ᠶᠡᠷᠦ ᠳᠡᠭᠡᠨ 80℃~90℃

ᠪᠤᠶᠤ ᠵᠠᠷᠢᠮ ᠳᠠᠭᠠᠨ ᠪᠠᠰᠠ 100℃ ᠪᠠᠶᠢᠳᠠᠭ᠂ ᠡᠶᠢᠮᠦ ᠠᠴᠠ ᠴᠠᠢ ᠶᠢ ᠬᠡᠲᠦ ᠬᠠᠯᠠᠭᠤᠨ ᠦᠶ᠎ᠡ ᠳᠤ ᠤᠤᠭᠤᠵᠤ

ᠪᠣᠯᠬᠤ ᠥᠬᠡᠶ᠂ ᠡᠰᠡ ᠲᠡᠭᠡᠪᠡᠯ ᠠᠮᠠᠨ ᠤ ᠬᠥᠨᠳᠡᠶ ᠪᠣᠯᠤᠨ ᠤᠯᠠᠭᠠᠨ ᠬᠤᠭᠤᠯᠠᠶ ᠶᠢᠨ ᠰᠠᠯᠢᠰᠤᠲᠤ ᠪᠦᠷᠬᠦᠪᠴᠢ ᠶᠢ

ᠬᠠᠯᠠᠭᠠᠵᠤ᠂ ᠰᠢᠷᠬᠠᠯᠠᠭ᠎ᠠ ᠡᠭᠦᠰᠭᠡᠵᠦ᠂ ᠤᠳᠠᠭᠠᠨ ᠳᠠᠭᠠᠨ ᠠᠮᠠᠨ ᠬᠥᠨᠳᠡᠶ ᠶᠢᠨ ᠥᠮᠡᠨ᠂ ᠤᠯᠠᠭᠠᠨ ᠬᠤᠭᠤᠯᠠᠶ ᠶᠢᠨ

ᠥᠮᠡᠨ ᠢ ᠡᠭᠦᠰᠭᠡᠵᠦ ᠮᠡᠳᠡᠨ᠎ᠡ᠃

 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号