ᠴᠢᠰᠤᠨ ᠤ ᠥᠭᠡᠬᠦ ᠪᠠᠭᠤᠷᠠᠬᠤ ᠦᠭᠡᠶ ᠪᠠᠶᠢᠪᠠᠯ ᠡᠨᠡ ᠳᠥᠷᠪᠡᠨ ᠵᠦᠢᠯ ᠤᠨ ᠢᠳᠡᠭᠡᠨ ᠢ ᠴᠡᠭᠡᠷᠯᠡᠬᠦ ᠬᠡᠷᠡᠭᠲᠡᠶ︕
ᠨᠡᠶᠢᠲᠡᠯᠡᠭᠰᠡᠨ ᠴᠠᠭ᠄
2024/3/19

      1. ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠥᠨᠳᠥᠷ ᠢᠳᠡᠭᠡᠨ ᠰᠥᠰᠥᠨ ᠤ ᠭᠤᠨᠠᠨ

ᠠᠯᠺᠣᠣᠯ ᠤᠨ ᠠᠭᠤᠯᠤᠭᠳᠠᠴᠠ ᠪᠠᠷ ᠨᠡᠯᠢᠶᠡᠳ ᠥᠨᠳᠥᠷ ᠢᠳᠡᠭᠡᠨ ᠳᠤ ᠠᠮᠢᠲᠠᠨ ᠤ ᠳᠣᠲᠣᠷ ᠡᠷᠬᠡᠲᠡᠨ᠂ ᠥᠭᠡᠬᠦ᠂

ᠥᠳᠬᠡᠨ ᠱᠥᠯᠥ᠂ ᠨᠠᠶᠢᠮᠠᠯᠵᠢ ᠶᠢᠨ ᠰᠢᠷ᠎ᠠ ᠵᠡᠷᠭᠡ ᠪᠠᠭᠲᠠᠨ᠎ᠠ᠂ ᠡᠲᠡᠭᠡᠷ ᠢᠳᠡᠭᠡᠨ ᠨᠢ ᠬᠡᠳᠦᠶ ᠠᠮᠲᠠᠲᠠᠶ ᠪᠠᠶᠢᠭᠰᠠᠨ

ᠴᠤ ᠠᠮᠠ ᠪᠠᠨ ᠪᠠᠷᠢᠬᠤ ᠬᠡᠷᠡᠭᠲᠡᠶ᠃

       2. ᠫᠢᠸᠣ᠋ ᠶᠡᠷᠦ ᠠᠴᠠ ᠠᠷᠢᠬᠢ ᠨᠢ ᠴᠢᠰᠤᠨ ᠰᠤᠳᠠᠯ ᠢ ᠭᠡᠮᠲᠦᠭᠡᠳᠡᠭ᠂ ᠫᠢᠸᠤ᠋ ᠳᠤ ᠪᠠᠰᠠ ᠨᠡᠯᠢᠶᠡᠳ

ᠥᠨᠳᠥᠷ ᠢᠯᠴᠢ ᠶᠢᠨ ᠬᠡᠮᠵᠢᠶ᠎ᠡ ᠠᠭᠤᠯᠳᠠᠭ᠂ ᠡᠨᠡ ᠨᠢ ᠴᠢᠰᠤᠨ ᠤ ᠥᠭᠡᠬᠦ ᠥᠨᠳᠥᠷ ᠬᠥᠮᠦᠨ ᠳᠤ ᠠᠪᠴᠤ ᠬᠡᠯᠡᠪᠡᠯ᠂

ᠴᠢᠰᠤᠨ ᠰᠤᠳᠠᠯ ᠢ ᠨᠡᠩ ᠠᠮᠠᠷᠬᠠᠨ ︽ᠪᠥᠭᠯᠡᠷᠡᠭᠦᠯᠵᠤ︾ ᠮᠡᠳᠡᠨ᠎ᠡ᠃ ᠪᠠᠰᠠ᠂ ᠫᠢᠸᠤ᠋ ᠤᠤᠭᠤᠬᠤ ᠳᠤ ᠠᠮᠠᠷᠬᠠᠨ

ᠰᠣᠭᠲᠣᠬᠤ ᠦᠭᠡᠢ ᠪᠣᠯᠬᠤᠷ ᠶᠡᠭᠡ ᠤᠤᠭᠤᠳᠠᠭ᠃

       3. ᠳᠠᠪᠤᠰᠤᠯᠠᠭᠰᠠᠨ ᠨᠤᠭᠤᠰᠤᠨ ᠥᠨᠳᠡᠭᠡ ᠳᠠᠪᠤᠰᠤᠯᠠᠭᠰᠠᠨ ᠨᠤᠭᠤᠰᠤᠨ ᠥᠨᠳᠡᠭᠡ ᠳᠤ ᠳᠠᠪᠤᠰᠤ

ᠨᠡᠯᠢᠶᠡᠳ ᠠᠷᠪᠢᠨ ᠠᠭᠤᠯᠵᠤ ᠪᠠᠶᠢᠬᠤ ᠪᠠᠷ ᠪᠠᠷᠠᠬᠤ ᠥᠬᠡᠶ᠂ ᠥᠭᠡᠬᠦᠨ ᠤ ᠠᠭᠤᠯᠤᠭᠳᠠᠴᠠ ᠪᠠ ᠰᠥᠰᠥᠨ ᠤ ᠭᠤᠨᠠᠨ

ᠠᠯᠺᠣᠣᠯ ᠤᠨ ᠠᠭᠤᠯᠤᠭᠳᠠᠴᠠ ᠨᠢ ᠴᠥᠮ ᠮᠠᠰᠢ ᠥᠨᠳᠥᠷ ᠪᠠᠶᠢᠳᠠᠭ᠂ ᠬᠡᠲᠦ ᠠᠷᠪᠢᠨ ᠢᠳᠡᠪᠡᠯ ᠴᠢᠰᠤᠨ ᠤ

ᠥᠭᠡᠬᠦ ᠶᠢ ᠨᠥᠯᠥᠭᠡᠯᠡᠳᠡᠭ᠃

       4. ᠰᠢᠬᠢᠷᠯᠢᠭ ᠢᠳᠡᠭᠡᠨ ᠴᠢᠰᠤᠨ ᠤ ᠥᠭᠡᠬᠦ ᠥᠨᠳᠥᠷᠵᠢᠭᠰᠡᠨ ᠬᠥᠮᠦᠰ ᠴᠦ ᠭᠡᠰᠡᠨ᠂ ᠡᠷᠡᠭᠦᠯ ᠴᠢᠭᠢᠷᠠᠭ

ᠬᠥᠮᠦᠰ ᠴᠦ ᠭᠡᠰᠡᠨ ᠰᠢᠬᠢᠷᠯᠢᠭ ᠢᠳᠡᠭᠡᠨ ᠢ ᠬᠡᠳᠦ ᠠᠷᠪᠢᠨ ᠢᠳᠡᠬᠦ ᠦᠭᠡᠢ ᠪᠠᠶᠢᠪᠠᠯ ᠵᠣᠬᠢᠨ᠎ᠠ᠃᠂ ᠬᠥᠮᠦᠨ ᠤ ᠪᠡᠶ᠎ᠡ

ᠠᠯᠢᠪᠠ ᠰᠢᠬᠢᠷ ᠢᠶᠠᠨ ᠴᠠᠭ ᠲᠤᠬᠠᠶ ᠳᠤᠨᠢ ᠭᠠᠳᠠᠭᠰᠢᠯᠠᠭᠤᠯᠵᠤ ᠳᠡᠶᠢᠯᠬᠦ ᠦᠭᠡᠢ ᠪᠣᠯ ᠠᠮᠠᠷᠬᠠᠨ ᠥᠭᠡᠬᠦ ᠪᠣᠯᠵᠤ᠂

ᠴᠢᠰᠤᠨ ᠰᠤᠳᠠᠯ ᠢ ᠭᠡᠮᠲᠦᠭᠡᠵᠦ ᠮᠡᠳᠡᠨ᠎ᠡ᠃

   

 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号