ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ  ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19

        3 ᠳ᠋ᠤᠭᠠᠷ ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ

ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠵᠢᠷᠭᠤᠳᠤᠭᠠᠷ ᠡᠭᠡᠯᠵᠢ ᠶᠢᠨ ᠲᠤᠭᠤᠷᠢᠨ

ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ

ᠳᠠᠷᠤᠭ᠎ᠠ ᠵᠠᠩ ᠬᠤ᠋ ᠬᠤᠷᠠᠯ ᠳᠤ ᠣᠷᠣᠯᠴᠠᠭᠰᠠᠨ ᠪᠥᠭᠡᠳ ᠲᠠᠶᠢᠴᠢᠯᠠᠯᠲᠠ ᠶᠢᠨ ᠶᠠᠷᠢᠶ᠎ᠠ ᠬᠢᠪᠡ᠃

        ᠬᠤᠷᠠᠯ ᠠᠴᠠ ᠴᠢᠬᠤᠯᠠᠴᠢᠯᠠᠭᠰᠠᠨ ᠨᠢ᠄ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ

ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ

ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ

ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂

ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠤᠨᠤᠪᠴᠢᠳᠠᠢ ᠪᠣᠯᠭᠠᠬᠤ᠂ ᠪᠠᠶᠢᠩᠭᠤᠵᠢᠭᠤᠯᠬᠤ

 ᠶᠢ ᠠᠬᠢᠭᠤᠯᠬᠤ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ  

ᠲᠠᠰᠤᠷᠠᠯᠳᠠ ᠦᠬᠡᠢ ᠬᠦᠨᠵᠡᠬᠡᠶᠢᠷᠡᠬᠦᠯᠦᠨ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ

ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠭᠤᠤᠯ ᠠᠵᠢᠯ ᠳᠤ ᠠᠩᠬᠠᠷᠤᠯ

 ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠲᠤᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ

ᠣᠨᠣᠪᠴᠢᠲᠠᠶ ᠡᠵᠡᠮᠳᠡᠨ᠂ ︽ᠲᠦᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ ᠶᠢ ᠴᠢᠩᠭ᠎ᠠ ᠠᠳᠬᠤᠨ ᠬᠢᠨᠠᠯᠲᠠ

ᠲᠠᠯᠪᠢᠵᠤ᠂ ᠨᠠᠮ ᠤᠨ ᠲᠥᠪ ᠬᠤᠷᠢᠶᠠᠨ ᠤ ᠰᠡᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ

ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠠᠵᠢᠯ ᠤᠨ ᠬᠠᠮᠲᠤᠷᠠᠯ ᠤᠨ ᠬᠦᠴᠦᠨ ᠢ

ᠪᠦᠷᠢᠯᠳᠦᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠬᠢᠨᠠᠯᠲᠠ ᠲᠠᠯᠪᠢᠭᠰᠠᠨ

ᠦᠷ᠎ᠡ ᠪᠦᠲᠦᠭᠡᠯ ᠪᠣᠯᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠦᠴᠦᠨ ᠢ ᠰᠠᠶᠢᠲᠤᠷ ᠬᠡᠷᠡᠭᠯᠡᠬᠦ ᠬᠡᠷᠡᠭᠲᠡᠢ᠃  

ᠲᠤᠭᠤᠷᠢᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠴᠢᠩᠭ᠎ᠠ ᠰᠠᠬᠢᠵᠤ᠂ ᠲᠣᠭᠤᠷᠢᠨ

ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠠᠵᠢᠯ ᠢᠶᠠᠨ ᠥᠷᠨᠢᠭᠦᠯᠵᠦ᠂

ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠠᠳᠠᠯᠢ ᠴᠢᠭᠯᠡᠯ ᠢᠶᠠᠷ ᠬᠦᠴᠦᠯᠡᠬᠦ ᠬᠡᠷᠡᠭᠲᠡᠢ ᠬᠡᠪᠡ᠃

        ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠬᠡᠷ᠂

ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠤᠭᠤᠷᠢᠨ

ᠪᠠᠶᠢᠴᠠᠭᠠᠯᠳᠠ ᠶᠢᠨ ᠪᠤᠯᠪᠠᠰᠤᠷᠠᠯ ᠤᠨ ᠬᠤᠷᠠᠯ ᠪᠠ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ

ᠬᠠᠮᠲᠤ ᠶᠢᠨ ᠶᠠᠷᠢᠯᠴᠠᠭᠠᠨ ᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃

 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号