ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠯᠳᠠᠨᠳᠠᠯᠠᠢ
ᠨᠡᠶᠢᠲᠡᠯᠡᠭᠰᠡᠨ ᠴᠠᠭ᠄
2024/3/19
       ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ  ᠠᠯᠳᠠᠨᠳᠠᠯᠠᠢ ᠦᠨᠳᠦᠰᠦᠨ ᠱᠠᠲᠤᠨ ᠳᠤ 40 ᠰᠢᠬᠠᠮ ᠵᠢᠯ ᠰᠠᠭᠤᠷᠢᠰᠢᠵᠤ᠂ ᠮᠢᠩᠭ᠎ᠠ ᠭᠠᠷᠤᠢ ᠲᠠᠯᠠᠪᠠᠢ ᠲᠤᠭᠯᠠᠯᠳᠠ ᠵᠣᠬᠢᠶᠠᠨ ᠪᠠᠶᠢᠭᠤᠯᠵᠦ᠂  ᠠᠷᠠᠳ ᠤᠯᠠᠨ  ᠳᠤ  ᠤᠳᠬ᠎ᠠ ᠤᠷᠠᠯᠢᠭ ᠤᠨ ᠷᠢᠳᠢ ᠰᠢᠳᠠᠢ ᠶᠢ ᠮᠡᠳᠡᠷᠡᠬᠦᠯᠵᠠᠢ᠃  ᠲᠡᠷᠡ‌ᠤᠷᠢᠳ ᠬᠤᠵᠢᠳ 60 ᠭᠠᠷᠤᠶ ᠳᠠᠭᠤᠤ  ᠪᠦᠵᠢᠭᠳᠦ ᠪᠦᠲᠦᠭᠡᠯ᠂ 4 ᠲᠠᠶᠢᠰᠠᠨ ᠤ ᠵᠦᠴᠦᠭᠡ ᠵᠣᠬᠢᠶᠠᠨ ᠪᠦᠲᠦᠭᠡᠵᠦ᠂ ᠣᠯᠠᠨ ᠤᠯᠤᠰ ᠤᠨ ᠲᠠᠰ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠤᠨ ᠲᠠᠰ ᠤᠨ ᠱᠠᠩᠨᠠᠯ ᠢ ᠣᠯᠠᠨᠲᠠ ᠭᠥᠷᠳᠡᠪᠡ᠃        ᠠᠯᠳᠠᠠᠳᠠᠯᠠᠢ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ᠂ ᠬᠢᠯᠢ ᠬᠢᠵᠠᠭᠠᠷ ᠣᠷᠣᠨ ᠤ ᠬᠥᠭᠵᠢᠯᠲᠡ ᠵᠡᠷᠭᠡ ᠬᠦᠷᠢᠶᠡᠨ ᠳᠠᠬᠢ ᠠᠰᠠᠭᠤᠳᠠᠯ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠥᠷᠨᠢᠭᠦᠯᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ  ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠨᠡᠩ ᠤᠯᠠᠨ ᠦᠨ᠎ᠡ ᠦᠷᠳᠡᠭ ᠲᠠᠢ ᠰᠠᠨᠠᠯ ᠳᠤᠷᠠᠳᠤᠯᠭ᠎ᠠ  ᠲᠤᠷᠠᠳᠬᠤ ᠪᠠᠷ ᠪᠠᠶᠢᠨ᠎ᠠ᠃  ᠲᠡᠷᠡ ᠤᠯᠠᠭᠠᠨᠮᠥ᠋ᠴᠢᠷ ᠤᠨ ᠭᠡᠰᠢᠭᠦᠳ ᠲᠠᠢ ᠬᠠᠮᠲᠤ ᠪᠠᠷ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠲᠦᠷᠤᠯ ᠲᠡᠮᠳᠡᠭ ᠢ ᠰᠢᠨ᠎ᠡ ᠪᠠᠷ ᠡᠭᠦᠳᠴᠦ᠂ ᠪᠦᠬᠦ ᠬᠤᠰᠢᠭᠤᠨ ᠤ ᠰᠣᠶᠣᠯ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ  ᠪᠤᠯᠤᠨ᠎ᠠ  ᠬᠡᠵᠦ ᠶᠠᠷᠢᠵᠦ ᠪᠠᠶᠢᠯ᠎ᠠ ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠠᠯᠳᠠᠨᠳᠠᠯᠠᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠠᠤᠭ᠎ᠠ ᠶᠡᠭᠡ ᠦᠢᠯᠡᠰ ᠲᠤ ᠣᠷᠣᠯᠴᠠᠪᠠ᠃        2023 ᠣᠨ ᠳᠤ᠂  ᠠᠯᠳᠠᠠᠳᠠᠯᠠᠢ  ᠬᠤᠰᠢᠭᠤ ᠤᠯᠠᠭᠠᠨᠮᠥ᠋ᠴᠢᠷ ᠤᠨ  ᠲᠤᠭᠯᠠᠭᠴᠢᠳ ᠢ ᠳᠠᠭᠠᠭᠤᠯᠵᠤ ︽ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ  ᠪᠠᠭᠤᠯᠭᠠᠬᠤ︾᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾᠂ ︽ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ︾᠂ ︽ᠤᠯᠠᠭᠠᠨᠮᠥ᠋ᠴᠢᠷ ᠬᠢᠯᠢ ᠶᠢᠨ ᠪᠣᠭᠤᠮᠲᠠ ᠪᠠᠷ ᠬᠦᠨᠵᠡᠬᠡᠶᠢᠷᠡᠬᠦ︾  ᠵᠡᠷᠬᠡ ᠪᠠᠷ ᠭᠤᠣᠯ ᠰᠡᠳᠦᠪ ᠪᠣᠯᠭᠠᠭᠰᠠᠨ ᠤᠯᠠᠨ ᠲᠦᠮᠡᠨ ᠳᠤ ᠦᠢᠯᠡᠴᠢᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃  ᠲᠡᠷᠡ ᠬᠡᠯᠡᠬᠦ ᠳᠡᠭᠡᠨ᠄ ︽ᠬᠠᠮᠢᠭ᠎ᠠ ᠠᠷᠠᠳ ᠲᠦᠮᠡᠨ ᠪᠠᠶᠢᠪᠠᠯ ᠲᠡᠨᠳᠡ ᠳᠠᠷᠤᠶ ᠲᠠᠶᠢᠰᠠ  ᠪᠠᠶᠢᠵᠦ᠂ ᠬᠠᠮᠢᠭ᠎ᠠ ᠲᠤᠭᠯᠠᠯᠳᠠ ᠬᠡᠷᠡᠭᠴᠡᠭᠡ ᠲᠠᠢ ᠪᠣᠯ ᠲᠣᠭᠯᠠᠯᠲᠠ ᠶᠢ ᠲᠡᠨᠳᠡ ᠬᠦᠷᠭᠡᠵᠦ ᠥᠭᠭᠦᠨ᠎ᠡ︾ ᠭᠡᠵᠦ ᠶᠠᠷᠢᠨ᠎ᠠ᠃ ᠤᠯᠠᠨ ᠶᠠᠩᠵᠤ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠵᠤ᠂ ᠨᠠᠮ ᠤᠨ ᠲᠠᠭᠤᠨ ᠪᠣᠯᠤᠨ ᠬᠠᠯᠠᠮᠵᠢᠯᠠᠯ ᠢ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠪᠣᠯᠤᠨ ᠮᠠᠯᠵᠢᠬᠤ ᠣᠷᠣᠨ ᠤ  ᠠᠷᠠᠳ ᠤᠯᠠᠨ‌‍ᠤ ᠳᠤᠮᠳᠠ ᠬᠦᠷᠭᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠪᠡ  ︔  2023 ᠤᠨ ᠳᠤ᠂ ᠤᠯᠠᠭᠠᠨᠮᠥ᠋ᠴᠢᠷ 97 ᠲᠠᠯᠠᠪᠠᠢ ᠲᠣᠭᠯᠠᠯᠲᠠ ᠭᠠᠷᠭᠠᠵᠤ᠂ ᠦᠵᠡᠭᠴᠢᠳ ᠤᠨ ᠲᠤᠭ᠎ᠠ 3.6 ᠲᠦᠮᠡᠨ ᠬᠥᠮᠦᠨ ᠤᠳᠠᠭ᠎ᠠ ᠳᠤ ᠬᠦᠷᠴᠦ᠂  ᠰᠢᠭᠤᠳ ᠨᠡᠪᠳᠡᠷᠡᠬᠦᠯᠬᠡ ᠰᠤᠨᠢᠷᠬᠠᠭᠴᠢᠳ ᠤᠨ ᠲᠤᠭ᠎ᠠ 6.2 ᠲᠦᠮᠡᠨ ᠬᠥᠮᠦᠨ  ᠤᠳᠠᠭ᠎ᠠ ᠳᠤ  ᠬᠦᠷᠴᠠᠢ᠃2023 ᠤᠨ ᠳᠤ  ᠠᠯᠳᠠᠠᠳᠠᠯᠠᠢ ︽ ᠬᠢᠯᠢ ᠳᠤ ᠤᠶᠠᠩᠭᠠᠷᠠᠭᠰᠠᠨ ᠤᠯᠠᠭᠠᠨᠮᠥ᠋ᠴᠢᠷ — ᠳᠤᠷᠠᠨ︾  ᠬᠡᠬᠦ ᠪᠦᠳᠦᠬᠡᠯ ᠢ  ᠵᠣᠬᠢᠶᠠᠨ  ᠪᠦᠳᠦᠬᠡᠵᠦ᠂ ᠤᠷᠠᠯᠢᠭ ᠤᠨ ᠪᠦᠲᠦᠭᠡᠯ ᠤᠨ ᠬᠡᠯᠪᠡᠷᠢ ᠪᠠᠷ ᠦᠨᠳᠦᠰᠦᠨ ᠱᠠᠲᠤᠨ ᠤ ᠤᠯᠠᠭᠠᠨᠮᠥ᠋ᠴᠢᠷ ᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠤᠨ ᠬᠦᠴᠦᠨ ᠴᠢᠳᠠᠯ ᠢᠶᠠᠨ ᠡᠷᠭᠦᠭᠰᠡᠨ ᠦᠨᠡᠨ ᠪᠣᠳᠠᠲᠠᠢ ᠦᠯᠢᠭᠡᠷ ᠤᠳ ᠢ ᠳᠡᠯᠭᠡᠨ  ᠦᠵᠡᠬᠦᠯᠵᠦ᠂ ᠪᠦᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠦᠴᠦᠭᠡ ᠶᠢᠨ ᠲᠦᠷᠦᠯ ᠤᠨ ᠰᠢᠨ᠎ᠡ ᠵᠦᠴᠦᠭᠡ ᠶᠢᠨ ᠪᠦᠲᠦᠭᠡᠯ ᠤᠨ ᠱᠠᠩᠨᠠᠯ ᠢ ᠬᠦᠷᠳᠡᠵᠡᠢ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号