ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠯᠳᠠᠨᠳᠠᠯᠠᠢ᠄ ᠬᠤᠪᠢᠰᠬᠠᠯ ᠤᠨ ᠰᠣᠶᠣᠯ  ᠢ ᠥᠨᠢ ᠡᠭᠦᠷᠢᠳᠡ ᠲᠠᠯ᠎ᠠ ᠨᠤᠲᠤᠭ ᠲᠤ ᠦᠨᠳᠦᠰᠦᠯᠡᠭᠦᠯᠦᠶ᠎ᠡ
ᠨᠡᠶᠢᠲᠡᠯᠡᠭᠰᠡᠨ ᠴᠠᠭ᠄
2024/3/19

         ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠯᠳᠠᠨᠳᠠᠯᠠᠢ ᠦᠨᠳᠦᠰᠦᠨ ᠱᠠᠲᠤᠨ

 ᠳᠤ 40 ᠰᠢᠬᠠᠮ ᠵᠢᠯ ᠰᠠᠭᠤᠷᠢᠰᠢᠵᠤ᠂ ᠮᠢᠩᠭ᠎ᠠ ᠭᠠᠷᠤᠢ ᠲᠠᠯᠠᠪᠠᠢ ᠲᠤᠭᠯᠠᠯᠳᠠ ᠵᠣᠬᠢᠶᠠᠨ ᠪᠠᠶᠢᠭᠤᠯᠵᠦ᠂ ᠠᠷᠠᠳ

ᠤᠯᠠᠨ ᠳᠤ ᠤᠳᠬ᠎ᠠ ᠤᠷᠠᠯᠢᠭ ᠤᠨ ᠷᠢᠳᠢ ᠰᠢᠳᠢ ᠶᠢ ᠮᠡᠳᠡᠷᠡᠬᠦᠯᠵᠠᠢ᠃ ᠲᠡᠷᠡ ᠤᠷᠢᠳ ᠬᠤᠵᠢᠳ 60 ᠭᠠᠷᠤᠶ

ᠳᠠᠭᠤᠤ ᠪᠦᠵᠢᠭᠳᠦ ᠪᠦᠲᠦᠭᠡᠯ᠂ 4 ᠲᠠᠶᠢᠰᠠᠨ ᠤ ᠵᠦᠴᠦᠭᠡ ᠵᠣᠬᠢᠶᠠᠨ ᠪᠦᠲᠦᠭᠡᠵᠦ᠂ ᠣᠯᠠᠨ ᠤᠯᠤᠰ ᠤᠨ ᠲᠠᠰ᠂

ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠤᠨ ᠲᠠᠰ ᠤᠨ ᠱᠠᠩᠨᠠᠯ ᠢ ᠣᠯᠠᠨᠲᠠ

ᠭᠥᠷᠳᠡᠪᠡ᠃

         ᠠᠯᠳᠠᠠᠳᠠᠯᠠᠢ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ᠂ ᠬᠢᠯᠢ ᠬᠢᠵᠠᠭᠠᠷ ᠣᠷᠣᠨ ᠤ

ᠬᠥᠭᠵᠢᠯᠲᠡ ᠵᠡᠷᠭᠡ ᠬᠦᠷᠢᠶᠡᠨ ᠳᠠᠬᠢ ᠠᠰᠠᠭᠤᠳᠠᠯ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠥᠷᠨᠢᠭᠦᠯᠵᠦ᠂

ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂

ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠳᠤ ᠨᠡᠩ ᠤᠯᠠᠨ ᠦᠨ᠎ᠡ ᠦᠷᠳᠡᠭ ᠲᠠᠢ ᠰᠠᠨᠠᠯ ᠳᠤᠷᠠᠳᠤᠯᠭ᠎ᠠ ᠲᠤᠷᠠᠳᠬᠤ ᠪᠠᠷ ᠪᠠᠶᠢᠨ᠎ᠠ᠃

ᠲᠡᠷᠡ ᠤᠯᠠᠭᠠᠨᠮᠥ᠋ᠴᠢᠷ ᠤᠨ ᠭᠡᠰᠢᠭᠦᠳ ᠲᠠᠢ ᠬᠠᠮᠲᠤ ᠪᠠᠷ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ

ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ

ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠲᠦᠷᠤᠯ ᠲᠡᠮᠳᠡᠭ ᠢ ᠰᠢᠨ᠎ᠡ ᠪᠠᠷ ᠡᠭᠦᠳᠴᠦ᠂ ᠪᠦᠬᠦ

ᠬᠤᠰᠢᠭᠤᠨ ᠤ ᠰᠣᠶᠣᠯ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠥᠨᠢ ᠡᠭᠦᠷᠢᠳᠡ ᠲᠠᠯ᠎ᠠ ᠨᠤᠲᠤᠭ

 ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ ᠪᠤᠯᠤᠨ᠎ᠠ ᠬᠡᠵᠦ ᠶᠠᠷᠢᠵᠦ ᠪᠠᠶᠢᠯ᠎ᠠ᠃ ᠪᠦᠬᠦ

ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠢ ᠬᠠᠷᠢᠭᠤᠴᠠᠭᠰᠠᠨ ᠠᠴᠠ ᠨᠠᠰᠢ᠂

ᠠᠯᠳᠠᠨᠳᠠᠯᠠᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ

ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢ ᠶᠢᠨ ᠫᠢᠩ

ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ

 ᠢᠶᠠᠨ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠠᠤᠭ᠎ᠠ

ᠶᠡᠭᠡ ᠦᠢᠯᠡᠰ ᠲᠤ ᠣᠷᠣᠯᠴᠠᠪᠠ᠃

         2023 ᠣᠨ ᠳᠤ᠂ ᠠᠯᠳᠠᠠᠳᠠᠯᠠᠢ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠢ ᠳᠠᠭᠠᠭᠤᠯᠵᠤ ︽

ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ ᠪᠠᠭᠤᠯᠭᠠᠬᠤ︾᠂ ︽ᠨᠠᠮ ᠤᠨ ᠠᠴᠢ ᠶᠢ

ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾᠂ ︽ᠬᠤᠶᠠᠷ ᠢ ᠬᠦᠷᠢᠶᠡᠯᠡᠨ ᠬᠠᠮᠲᠤᠪᠠᠷ

ᠪᠠᠶᠢᠭᠤᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ︾᠂ ︽ᠤᠯᠠᠭᠠᠨᠮᠥ᠋ᠴᠢᠷ

ᠬᠢᠯᠢ ᠶᠢᠨ ᠪᠣᠭᠤᠮᠲᠠ ᠪᠠᠷ ᠬᠦᠨᠵᠡᠬᠡᠶᠢᠷᠡᠬᠦ︾ ᠵᠡᠷᠬᠡ ᠪᠠᠷ ᠭᠤᠣᠯ ᠰᠡᠳᠦᠪ ᠪᠣᠯᠭᠠᠭᠰᠠᠨ ᠤᠯᠠᠨ ᠲᠦᠮᠡᠨ ᠳᠤ

ᠦᠢᠯᠡᠴᠢᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃ ᠲᠡᠷᠡ ᠬᠡᠯᠡᠬᠦ ᠳᠡᠭᠡᠨ᠄ ︽ᠬᠠᠮᠢᠭ᠎ᠠ ᠠᠷᠠᠳ ᠲᠦᠮᠡᠨ

ᠪᠠᠶᠢᠪᠠᠯ ᠲᠡᠨᠳᠡ ᠳᠠᠷᠤᠶ ᠲᠠᠶᠢᠰᠠ ᠪᠠᠶᠢᠵᠦ᠂ ᠬᠠᠮᠢᠭ᠎ᠠ ᠲᠤᠭᠯᠠᠯᠳᠠ ᠬᠡᠷᠡᠭᠴᠡᠭᠡ ᠲᠠᠢ ᠪᠣᠯ ᠲᠣᠭᠯᠠᠯᠲᠠ ᠶᠢ ᠲᠡᠨᠳᠡ

ᠬᠦᠷᠭᠡᠵᠦ ᠥᠭᠭᠦᠨ᠎ᠡ︾ ᠭᠡᠵᠦ ᠶᠠᠷᠢᠨ᠎ᠠ᠃ ᠤᠯᠠᠨ ᠶᠠᠩᠵᠤ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠷᠠᠨ

ᠰᠠᠶᠢᠬᠠᠨ ᠤ ᠲᠣᠭᠯᠠᠯᠲᠠ ᠪᠠᠷ ᠳᠠᠮᠵᠢᠭᠤᠯᠵᠤ᠂ ᠨᠠᠮ ᠤᠨ ᠲᠠᠭᠤᠨ ᠪᠣᠯᠤᠨ ᠬᠠᠯᠠᠮᠵᠢᠯᠠᠯ ᠢ ᠬᠢᠯᠢ ᠶᠢᠨ ᠬᠠᠮᠠᠭᠠᠯᠠᠯᠲᠠ

 ᠶᠢᠨ ᠳᠠᠷᠤᠭ᠎ᠠ ᠪᠠᠶᠢᠯᠳᠤᠭᠴᠢ ᠪᠣᠯᠤᠨ ᠮᠠᠯᠵᠢᠬᠤ ᠣᠷᠣᠨ ᠤ ᠠᠷᠠᠳ ᠤᠯᠠᠨ ᠤ ᠳᠤᠮᠳᠠ ᠬᠦᠷᠭᠡᠵᠦ᠂ ᠡᠬᠡ ᠤᠯᠤᠰ

 ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ

ᠡᠷᠭᠦᠪᠡ︔ 2023 ᠤᠨ ᠳᠤ᠂ ᠤᠯᠠᠭᠠᠨᠮᠥ᠋ᠴᠢᠷ 97 ᠲᠠᠯᠠᠪᠠᠢ ᠲᠣᠭᠯᠠᠯᠲᠠ ᠭᠠᠷᠭᠠᠵᠤ᠂ ᠦᠵᠡᠭᠴᠢᠳ ᠤᠨ

ᠲᠤᠭ᠎ᠠ 3.6 ᠲᠦᠮᠡᠨ ᠬᠥᠮᠦᠨ ᠤᠳᠠᠭ᠎ᠠ ᠳᠤ ᠬᠦᠷᠴᠦ᠂ ᠰᠢᠭᠤᠳ ᠨᠡᠪᠳᠡᠷᠡᠬᠦᠯᠬᠡ ᠰᠤᠨᠢᠷᠬᠠᠭᠴᠢᠳ ᠤᠨ ᠲᠤᠭ᠎ᠠ 6.

2 ᠲᠦᠮᠡᠨ ᠬᠥᠮᠦᠨ ᠤᠳᠠᠭ᠎ᠠ ᠳᠤ ᠬᠦᠷᠴᠠᠢ᠃2023 ᠤᠨ ᠳᠤ  ᠠᠯᠳᠠᠠᠳᠠᠯᠠᠢ ︽ ᠬᠢᠯᠢ ᠳᠤ ᠤᠶᠠᠩᠭᠠᠷᠠᠭᠰᠠᠨ

ᠤᠯᠠᠭᠠᠨᠮᠥ᠋ᠴᠢᠷ — ᠳᠤᠷᠠᠨ︾  ᠬᠡᠬᠦ ᠪᠦᠳᠦᠬᠡᠯ ᠢ ᠵᠣᠬᠢᠶᠠᠨ  ᠪᠦᠳᠦᠬᠡᠵᠦ᠂ ᠤᠷᠠᠯᠢᠭ ᠤᠨ ᠪᠦᠲᠦᠭᠡᠯ ᠤᠨ

ᠬᠡᠯᠪᠡᠷᠢ ᠪᠠᠷ ᠦᠨᠳᠦᠰᠦᠨ ᠱᠠᠲᠤᠨ ᠤ ᠤᠯᠠᠭᠠᠨᠮᠥ᠋ᠴᠢᠷ ᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ

ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ

ᠴᠡᠷᠢᠭ︾ ᠤᠨ ᠬᠦᠴᠦᠨ ᠴᠢᠳᠠᠯ ᠢᠶᠠᠨ ᠡᠷᠭᠦᠭᠰᠡᠨ ᠦᠨᠡᠨ ᠪᠣᠳᠠᠲᠠᠢ ᠦᠯᠢᠭᠡᠷ ᠤᠳ ᠢ ᠳᠡᠯᠭᠡᠨ ᠦᠵᠡᠬᠦᠯᠵᠦ᠂ ᠪᠦᠬᠦ

ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠦᠴᠦᠭᠡ ᠶᠢᠨ ᠲᠦᠷᠦᠯ ᠤᠨ ᠰᠢᠨ᠎ᠡ ᠵᠦᠴᠦᠭᠡ

 ᠶᠢᠨ ᠪᠦᠲᠦᠭᠡᠯ ᠤᠨ ᠱᠠᠩᠨᠠᠯ ᠢ ᠬᠦᠷᠳᠡᠵᠡᠢ᠃

 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号