ᠮᠠᠨ ᠤ ᠤᠯᠤᠰ ᠲᠠᠷᠢᠶᠠᠴᠢᠳ ᠤᠨ ᠠᠩᠬᠠᠷᠴᠤ ᠪᠠᠶᠢᠭ᠎ᠠ ᠨᠢᠭᠡ ᠪᠦᠯᠦᠭ ᠠᠵᠢᠯ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠪᠠᠷ ᠪᠤᠢ
ᠨᠡᠶᠢᠲᠡᠯᠡᠭᠰᠡᠨ ᠴᠠᠭ᠄
2024/3/19
       ᠥᠨᠥ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ︽ᠮᠢᠩᠭᠠᠨ ᠲᠦᠮᠡ ᠶᠢᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠤᠬᠠᠭᠳᠠᠬᠤᠨ᠂ ᠠᠵᠢᠯ ᠤᠨ ᠠᠷᠭ᠎ᠠ ᠪᠠ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︽ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠬᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠳᠦᠷᠦ ᠶᠢᠨ ᠪᠣᠳᠣᠯᠭ᠎ᠠ ᠶᠢ ᠳᠦᠷᠦᠯ ᠬᠤᠪᠢᠶᠠᠨ ᠬᠡᠷᠡᠭᠵᠢᠭᠦᠯᠵᠦ᠂ ᠠᠯᠬᠤᠮ ᠳᠠᠷᠠᠭᠠᠯᠠᠯ ᠲᠠᠢ ᠪᠠᠷ ᠣᠷᠣᠭᠰᠢᠯᠠᠨ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠤᠯᠠᠨ ᠲᠦᠮᠡᠨ ᠳᠤ ᠮᠡᠳᠡᠷᠡᠭᠳᠡᠬᠦ‍ ᠨᠢᠭᠡ ᠪᠦᠯᠦᠭ ᠪᠣᠳᠠᠲᠤ ᠠᠵᠢᠯ ᠶᠠᠪᠤᠳᠠᠯ ᠬᠢᠬᠦ ᠶᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠮᠥᠨ ᠴᠢᠨᠠᠷ ᠤᠨ ᠠᠬᠢᠯᠲᠠ ᠲᠠᠢ᠂ ᠱᠠᠲᠤᠴᠢ ᠴᠢᠨᠠᠷᠲᠠᠢ ᠦᠷ᠎ᠡ ᠪᠦᠲᠦᠭᠡᠯ ᠢ ᠳᠠᠰᠤᠷᠠᠯᠳᠠ ᠦᠭᠡᠢ ᠣᠯᠬᠤ ᠬᠡᠷᠡᠭᠲᠡᠢ ᠭᠡᠵᠦ ᠳᠤᠷᠠᠳᠪᠠ᠃        ᠬᠡᠷᠬᠢᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠤᠯᠠᠨ ᠲᠦᠮᠡᠨ ᠳᠤ ᠮᠡᠳᠡᠷᠡᠭᠳᠡᠬᠦ‍ ᠨᠢᠭᠡ ᠪᠦᠯᠦᠭ ᠪᠣᠳᠠᠲᠤ ᠠᠵᠢᠯ ᠶᠠᠪᠤᠳᠠᠯ ᠬᠢᠬᠦ ᠶᠢ ᠰᠠᠶᠢᠲᠤᠷ ᠠᠳᠬᠤᠬᠤ ᠪᠤᠢ︖        ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠲᠤᠲᠠᠭᠳᠠᠯ ᠢ ᠨᠥᠬᠦᠪᠦᠷᠢᠯᠡᠬᠦ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ᠃ ᠡᠯ᠎ᠡ ᠭᠠᠵᠠᠷ ᠤᠨ ᠪᠣᠳᠠᠲᠤ ᠪᠠᠶᠢᠳᠠᠯ ᠬᠢᠭᠡᠳ ᠲᠠᠷᠢᠶᠠᠴᠢᠳ ᠤᠨ ᠬᠡᠷᠡᠭᠴᠡᠭᠡᠨ ᠠᠴᠠ ᠭᠠᠷᠳᠠᠵᠤ᠂ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠶᠠᠪᠤᠳᠠᠯ ᠢ ᠠᠳᠬᠤᠨ᠂ ᠨᠢᠭᠡ ᠵᠦᠢᠯ ᠢ ᠬᠢᠪᠡᠯ ᠨᠢᠭᠡ ᠵᠦᠢᠯ ᠢ ᠪᠦᠲᠦᠭᠡᠨ᠎ᠡ᠃        ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠤ ᠬᠡᠯᠡᠬᠦ ᠪᠠᠷ᠂ ᠵᠢᠱᠢᠶᠡᠯᠡᠪᠡᠯ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠂ ᠨᠥᠬᠦᠴᠡᠯ ᠲᠠᠢ ᠨᠢ ᠬᠤᠳᠠ ᠬᠦᠳᠡᠭᠡᠨ ᠤ ᠤᠰᠤᠨ ᠤ ᠬᠠᠩᠭᠠᠯᠲᠠ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ ᠪᠠᠨ ᠠᠬᠢᠭᠤᠯᠵᠤ᠂ ᠬᠠᠷᠠᠬᠠᠨ ᠨᠥᠬᠦᠴᠡᠯ ᠪᠦᠷᠢᠯᠳᠦᠭᠦᠯᠦᠭᠡ ᠦᠭᠡᠢ ᠨᠢ ᠪᠠᠭ᠎ᠠ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠪᠠᠨ ᠴᠢᠩᠭᠠᠳᠬᠠᠵᠤ᠂ ᠲᠤᠰᠬᠠᠢ ᠮᠡᠷᠭᠡᠵᠢᠭᠰᠡᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠪᠰᠢᠭᠦᠯᠬᠦ ᠢᠨᠵᠧᠨᠧᠷᠢᠩ ᠢ ᠠᠬᠢᠭᠤᠯᠤᠨ᠎ᠠ᠃ ᠬᠥᠳᠡᠭᠡ ᠲᠣᠰᠬᠤᠨ ᠤ ᠲᠠᠷᠠᠬᠠᠢ ᠮᠠᠶ᠋ᠢᠭ ᠤᠨ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠭᠠᠴᠠᠭ᠎ᠠ ᠪᠠᠯᠭᠠᠰᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠡᠨᠡᠭᠯᠡᠬᠦ ᠪᠠ ᠴᠡᠨᠡᠭ ᠰᠣᠯᠢᠬᠤ ᠪᠡᠯᠡᠳᠬᠡᠮᠵᠢ ᠶᠢ ᠲᠥᠯᠥᠪᠯᠡᠨ ᠪᠠᠶᠢᠭᠤᠯᠬᠤ ᠶᠢ ᠴᠢᠩᠭᠠᠳᠬᠠᠨ᠎ᠠ᠃ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠪᠠ ᠬᠦᠭᠦᠷᠭᠡᠨ ᠤ ︽ᠠᠶᠤᠯ ᠲᠦᠭᠰᠢᠭᠦᠷᠢ ᠶᠢ ᠠᠷᠢᠯᠭᠠᠬᠤ︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠷᠢᠬᠤ ᠪᠠ ᠬᠥᠳᠡᠭᠡ ᠲᠣᠰᠬᠤᠨ ᠤ ᠭᠠᠵᠠᠷ ᠬᠥᠳᠡᠯᠦᠯᠲᠡ ᠳᠤ ᠳᠠᠭᠠᠭᠠᠮᠠᠭᠠᠢ ᠭᠡᠷ ᠪᠠᠶᠢᠰᠢᠩ ᠤᠨ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠎ᠡ ᠭᠡᠵᠡᠢ᠃        ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠲᠦ ᠰᠤᠷᠭᠠᠭᠤᠯᠢ ᠶᠢ ᠰᠠᠶᠢᠲᠤᠷ ᠡᠷᠭᠢᠯᠡᠨ᠎ᠡ᠃ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠨᠠᠷ ᠤᠨ ᠳᠣᠲᠣᠷᠠᠬᠢ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ ᠬᠢᠷᠢ ᠬᠡᠮ ᠢ ᠪᠦᠷᠢᠯᠳᠦᠭᠦᠯᠦᠭᠰᠡᠨ ᠠᠵᠢᠯᠲᠠᠨ ᠤ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃        ᠡᠨᠡ ᠵᠢᠯ ᠰᠢᠶᠠᠨ ᠤ ᠬᠡᠪᠴᠢᠶᠡᠨ ᠳᠠᠬᠢ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠦᠷᠭᠡᠳᠬᠡᠨ᠎ᠡ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠣᠷᠣᠨ ᠪᠦᠰᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠬᠤᠭᠤᠯᠠᠨ ᠤ ᠳᠡᠳᠬᠦᠮᠵᠢ ᠪᠠ ᠬᠠᠷᠢᠯᠴᠠᠨ ᠲᠤᠰᠠᠯᠠᠯᠴᠠᠬᠤ ᠦᠢᠯᠡᠴᠢᠯᠡᠭᠡ ᠶᠢ ᠵᠣᠷᠢᠭᠵᠢᠭᠤᠯᠤᠨ᠎ᠠ᠃ ᠬᠤᠳᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ︽ᠢᠯᠡᠭᠦᠦ ᠲᠤᠰᠢᠶᠠᠪᠠᠯ ᠢᠯᠡᠭᠦᠦ ᠣᠯᠬᠤ᠂ ᠤᠳᠠᠭᠠᠨ ᠲᠤᠰᠢᠶᠠᠪᠠᠯ ᠢᠯᠡᠭᠦᠦ ᠣᠯᠬᠤ︾ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠦᠷᠡᠵᠢᠯ ᠤᠨ ᠳᠡᠮᠵᠢᠯᠭᠡ ᠪᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠴᠢᠩᠭᠠᠳᠬᠠᠵᠤ᠂ ᠨᠡᠭᠦᠳᠡᠯ ᠬᠡᠦᠬᠡᠳ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠬᠦᠮᠦᠰ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠨ᠎ᠡ ᠭᠡᠵᠦ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃        ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠢᠯᠡᠷᠬᠡᠶᠢᠯᠡᠬᠦ ᠳᠤ ᠪᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠤᠰᠤ᠂ ᠴᠠᠬᠢᠯᠭᠠᠨ᠂ ᠵᠠᠮ᠂ ᠬᠡᠢ᠂ ᠭᠡᠷ ᠪᠠᠶᠢᠰᠢᠩ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠰᠢᠭᠦᠯᠵᠦ᠂ ︽ᠪᠠᠶᠢᠬᠤ ᠡᠰᠡᠬᠦ︾ ᠶᠢ ᠤᠷᠢᠳ ᠢᠶᠠᠷ ᠰᠢᠢᠳᠪᠦᠷᠢᠯᠡᠵᠦ᠂ ︽ᠰᠠᠶᠢᠨ ᠡᠰᠡᠬᠦ︾ ᠶᠢ ᠳᠠᠷᠠᠭ᠎ᠠ ᠨᠢ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠣᠨᠴᠠᠯᠢᠭ ᠳᠦᠷᠰᠦ ᠪᠠᠶᠢᠳᠠᠯ ᠢ ᠬᠠᠮᠠᠭᠠᠯᠠᠬᠤ ᠶᠢ ᠠᠩᠬᠠᠷᠬᠤ ᠬᠡᠷᠡᠭᠲᠡᠢ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠲᠡᠷᠡ ᠬᠡᠪ ᠢᠶᠠᠷ ᠨᠢ ᠰᠣᠬᠤᠷ ᠪᠠᠯᠠᠢ ᠪᠠᠷ ᠨᠡᠭᠦᠯᠭᠡᠨ ᠬᠡᠷᠡᠭᠯᠡᠵᠦ᠂ ᠬᠥᠳᠡᠭᠡ ᠲᠣᠰᠬᠤᠨ ᠤ ᠬᠡᠪ ᠨᠠᠮᠪᠠ ᠶᠢ ᠠᠯᠳᠠᠭᠳᠠᠭᠤᠯᠵᠤ ᠪᠣᠯᠬᠤ ᠦᠭᠡᠢ ᠭᠡᠵᠡᠢ᠃        ︽ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ︾ ᠤ ᠠᠵᠢᠯ ᠢ ᠰᠠᠶᠢᠨ ᠬᠢᠭᠰᠡᠨ ᠡᠰᠡᠬᠦ ᠶᠢᠨ ᠵᠠᠩᠭᠢᠯᠠᠭ᠎ᠠ ᠨᠢ ᠲᠠᠷᠢᠶᠠᠴᠢᠳ ᠤᠨ ᠪᠠᠶᠠᠷᠯᠠᠭᠰᠠᠨ ᠡᠰᠡᠬᠦ᠂ ᠰᠡᠳᠬᠢᠯ ᠬᠠᠨᠤᠭᠰᠠᠨ ᠡᠰᠡᠬᠦ ᠳᠤ ᠪᠠᠶᠢᠨ᠎ᠠ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠡᠪᠰᠢ ᠦᠨᠡᠨ ᠠᠴᠠ ᠵᠥᠪ ᠢ ᠡᠷᠢᠬᠦ᠂ ᠪᠣᠳᠠᠲᠤ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠨ᠂ ᠦᠨᠡᠨ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠡᠰᠡᠷᠭᠦᠴᠡᠨ᠎ᠡ᠃ ᠪᠣᠳᠠᠲᠤ ᠠᠰᠢᠭ ᠬᠦᠷᠲᠡᠭᠡᠬᠦ ᠠᠵᠢᠯ ᠢ ᠢᠯᠡᠭᠦᠬᠡᠨ ᠬᠢᠵᠦ᠂ ᠲᠠᠷᠢᠶᠠᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠳᠠᠶᠢᠴᠢᠯᠠᠨ᠂ ᠲᠠᠷᠢᠶᠠᠴᠢᠳ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠴᠢ ᠪᠠ ᠠᠰᠢᠭ ᠬᠦᠷᠳᠡᠭᠴᠢ ᠪᠣᠯᠭᠠᠨ᠎ᠠ ᠭᠡᠵᠦ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃    
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号