ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠬᠡᠷᠬᠢᠨ ᠲᠡᠭᠦᠯᠳᠡᠷᠵᠢᠭᠦᠯᠬᠦ ᠪᠣᠶ ︵ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · 2024 ᠣᠨ ᠳᠤ ᠳᠤᠮᠳᠠᠳᠤ ᠤᠯᠤᠰ ᠤᠨ ᠠᠵᠤ ᠠᠬᠤᠢ ᠢᠩᠭᠢᠵᠦ ᠠᠵᠢᠯᠯᠠᠨ᠎ᠠ
ᠨᠡᠶᠢᠲᠡᠯᠡᠭᠰᠡᠨ ᠴᠠᠭ᠄
2024/3/19
       ᠨᠢᠳᠤᠨᠤᠨ ᠤ ᠡᠴᠦᠰ ᠢᠶᠠᠷ ᠬᠤᠷᠠᠯᠳᠤᠭᠤᠯᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠤ ︽ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ︾ ᠭᠡᠵᠦ ᠳᠤᠷᠠᠳᠪᠠ᠃ ᠣᠳᠣᠬᠠᠨ ᠳᠤ᠂ ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠳᠤ ᠬᠡᠦᠬᠡᠳ ᠴᠥᠭᠡᠷᠡᠬᠦ᠂ ᠨᠠᠰᠤᠵᠢᠬᠤ᠂ ᠣᠷᠣᠨ ᠪᠦᠰᠡ ᠶᠢᠨ ᠬᠥᠮᠥᠨ ᠠᠮᠠ ᠶᠢᠨ ᠨᠡᠮᠡᠭᠳᠡᠯ ᠬᠠᠰᠤᠭᠳᠠᠯ ᠢᠯᠭᠠᠷᠠᠬᠤ ᠬᠠᠨᠳᠤᠰᠢ ᠢᠯᠡᠷᠡᠪᠡ᠃ ᠬᠡᠷᠬᠢᠨ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠰᠠᠯᠠᠬᠤ ᠪᠤᠢ︖        ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠥᠨ ᠠᠮᠠ ᠭᠡᠷ ᠪᠦᠯᠢ ᠶᠢᠨ ᠵᠤᠷᠭᠠᠨ ᠤ ᠳᠠᠷᠤᠭ᠎ᠠ ᠶᠠᠩ ᠸᠧᠨ ᠵᠤᠸᠠᠩ ᠢᠯᠡᠷᠬᠡᠶᠢᠯᠡᠬᠦ ᠳᠤ ᠪᠠᠨ᠂ ᠡᠨᠡ ᠵᠢᠯ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠨᠢᠭᠡ ᠪᠦᠯᠦᠭ ᠣᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷᠳᠡᠯ᠂ ᠲᠦᠭᠵᠢᠷᠡᠯ ᠢ ᠴᠢᠷᠮᠠᠶᠢᠨ ᠰᠢᠢᠳᠪᠦᠷᠢᠯᠡᠵᠦ᠂ ᠭᠡᠷ ᠪᠦᠯᠢ ᠶᠢᠨ ᠳᠠᠷᠤᠭᠠᠰᠤ ᠶᠢ ᠨᠢ ᠬᠥᠩᠭᠡᠷᠡᠭᠦᠯᠬᠦ ᠶᠢ ᠠᠬᠢᠭᠤᠯᠤᠨ᠎ᠠ ᠭᠡᠵᠡᠢ᠃        ᠤᠷᠳᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠬᠦᠴᠦᠯᠡᠨ ᠪᠠᠶᠢᠭᠤᠯᠤᠨ᠎ᠠ᠃ ᠨᠢᠭᠡᠳᠦᠯᠲᠡᠢ ᠲᠥᠯᠥᠪᠯᠡᠭᠡ ᠪᠠ ᠦᠵᠦ ᠲᠥᠯᠥᠪᠯᠡᠭᠡ ᠶᠢ ᠴᠢᠩᠭᠠᠳᠬᠠᠵᠤ᠂ ᠤᠳᠤᠷᠢᠳᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠥᠮᠥᠨ ᠠᠮᠠ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠪᠠᠨ ᠴᠢᠩᠭᠠᠳᠬᠠᠵᠤ᠂ ᠦᠷᠡᠵᠢᠯ ᠤᠨ ᠪᠠᠶᠢᠳᠠᠯ ᠪᠠ ᠬᠥᠮᠥᠨ ᠠᠮᠠ ᠬᠤᠪᠢᠷᠠᠬᠤ ᠬᠠᠨᠳᠤᠰᠢ ᠶᠢ ᠮᠥᠷᠳᠡᠵᠦ ᠰᠤᠳᠤᠯᠤᠨ ᠮᠠᠭᠠᠳᠯᠠᠨ᠎ᠠ︔ ᠬᠥᠮᠥᠨ ᠠᠮᠠ ᠶᠢᠨ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠲᠦᠷᠦ ᠶᠢᠨ ᠪᠣᠳᠣᠯᠭ᠎ᠠ ᠶᠢᠨ ᠨᠥᠭᠡᠴᠡ ᠶᠢ ᠨᠡᠮᠡᠭᠳᠡᠭᠦᠯᠦᠨ᠎ᠡ︔ ᠠᠵᠢᠯ ᠢ ᠬᠢᠨᠠᠨ ᠵᠢᠯᠤᠭᠤᠳᠴᠤ ᠲᠣᠬᠢᠷᠠᠭᠤᠯᠬᠤ ᠪᠠᠨ ᠴᠢᠩᠭᠠᠳᠬᠠᠵᠤ᠂ ᠣᠷᠣᠨ ᠨᠤᠲᠤᠭ ᠤᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠪᠦᠬᠦ ᠤᠯᠤᠰ ᠤᠨ ᠲᠦᠷᠦ ᠶᠢᠨ ᠪᠣᠳᠣᠯᠭ᠎ᠠ ᠪᠦᠷᠢᠯᠳᠦᠬᠦ ᠶᠢ ᠠᠬᠢᠭᠤᠯᠤᠨ᠎ᠠ᠃        ᠢᠵᠢ ᠪᠦᠷᠢᠳᠦᠭᠰᠡᠨ ᠳᠡᠮᠵᠢᠬᠦ ᠠᠷᠭ᠎ᠠ ᠬᠡᠮᠵᠢᠶ᠎ᠡ ᠶᠢ ᠲᠦᠷᠭᠡᠳᠬᠡᠨ ᠨᠡᠶᠢᠲᠡᠯᠡᠨ᠎ᠡ᠃ 2023 ᠣᠨ ᠳᠤ᠂ ᠤᠯᠤᠰ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠳᠠᠭᠠᠯᠳᠤᠭᠤᠯᠤᠭᠰᠠᠨ ᠬᠠᠰᠤᠬᠤ ᠪᠠᠷᠢᠮᠵᠢᠶ᠎ᠠ ᠶᠢ ᠨᠢᠯᠬ᠎ᠠ ᠬᠡᠦᠬᠡᠳ ᠨᠢᠭᠡᠪᠦᠷᠢ ᠳᠤ ᠰᠠᠷ᠎ᠠ ᠶᠢᠨ 1000 ᠲᠥᠭᠦᠷᠢᠭ ᠪᠠᠶᠢᠭᠰᠠᠨ ᠠᠴᠠ 2000 ᠲᠥᠭᠦᠷᠢᠭ ᠪᠣᠯᠭᠠᠨ ᠳᠡᠭᠡᠭᠰᠢᠯᠡᠭᠦᠯᠪᠡ᠃ 10 ᠭᠠᠷᠤᠢ ᠮᠤᠵᠢ ᠣᠷᠣᠨ ᠠᠳᠠᠯᠢ ᠪᠤᠰᠤ ᠱᠠᠲᠤᠨ ᠳᠤ ᠬᠡᠦᠬᠡᠳ ᠪᠤᠶᠢᠵᠢᠭᠤᠯᠬᠤ ᠨᠥᠬᠦᠪᠦᠷᠢ ᠶᠢᠨ ᠳᠦᠷᠢᠮ ᠢ ᠰᠦᠪᠡᠭᠴᠢᠯᠡᠨ ᠬᠡᠷᠡᠭᠵᠢᠭᠦᠯᠪᠡ᠃ ᠪᠡᠭᠡᠵᠢᠩ᠂ ᠭᠤᠸᠠᠩᠰᠢ ᠡᠩ ᠲᠡᠷᠢᠭᠦᠨ ᠳᠤ ᠳᠠᠷᠠᠭᠠᠯᠠᠯ ᠶᠣᠰᠣ ᠪᠠᠷ ᠲᠣᠰ ᠲᠣᠰ 16 ᠵᠦᠢᠯ᠂ 9 ᠵᠦᠢᠯ ᠤᠨ ᠦᠷᠡᠵᠢᠯ ᠲᠤᠰᠠᠯᠠᠬᠤ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠵᠦᠢᠯᠡᠰ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠪᠠ᠃ 2024 ᠣᠨ ᠳᠤ᠂ ᠵᠣᠬᠢᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠲᠦᠪᠰᠢᠨ ᠢ ᠳᠡᠭᠡᠭᠰᠢᠯᠡᠭᠦᠯᠬᠦ᠂ ᠦᠷᠡᠵᠢᠯ ᠤᠨ ᠠᠮᠠᠷᠠᠯᠲᠠ ᠪᠠ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠣᠷᠣᠨ ᠰᠠᠭᠤᠴᠠ ᠶᠢᠨ ᠭᠠᠶᠢᠯᠢ ᠲᠠᠲᠠᠪᠤᠷᠢ ᠶᠢ ᠴᠢᠩᠭᠠᠳᠬᠠᠬᠤ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠴᠢᠩᠭᠠᠳᠬᠠᠬᠤ᠂ ᠦᠷᠡᠵᠢᠯ ᠳᠤ ᠨᠥᠬᠦᠷᠰᠡᠭ ᠠᠵᠢᠯ ᠣᠯᠬᠤ ᠣᠷᠴᠢᠨ ᠨᠥᠬᠦᠴᠡᠯ ᠢ ᠪᠠᠶᠢᠭᠤᠯᠬᠤ ᠵᠡᠷᠭᠡ ᠲᠠᠯ᠎ᠠ ᠪᠠᠷ ᠨᠠᠩ ᠣᠯᠠᠨ ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠠᠬᠢᠭᠤᠯᠤᠨ᠎ᠠ᠃        ᠨᠡᠶᠢᠳᠡᠮ ᠬᠠᠷᠠᠭᠠᠯᠵᠠᠵᠤ ᠨᠠᠶᠢᠳᠠᠨ ᠰᠠᠭᠠᠲᠠᠭᠤᠯᠬᠤ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ 2023 ᠣᠨ ᠳᠤ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠠᠤᠯᠢ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠪᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠨᠢ ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠨᠢᠭᠡᠳᠦᠭᠡᠷ ᠪᠦᠯᠦᠭ ᠤᠨ 33 ᠵᠢᠱᠢᠶᠡᠴᠢ ᠬᠤᠲᠠ᠂ ᠪᠥᠬᠦ ᠤᠯᠤᠰ ᠤᠨ ᠬᠠᠯᠠᠮᠵᠢᠲᠤ ᠨᠠᠶᠢᠳᠠᠨ ᠰᠠᠭᠠᠲᠠᠭᠤᠯᠬᠤ 75 ᠬᠥᠮᠥᠨ ᠬᠡᠷᠡᠭᠯᠡᠬᠦ ᠨᠢᠭᠡᠴᠢ ᠶᠢ ᠨᠡᠷᠡᠶᠢᠳᠪᠡ᠃ ᠲᠥᠪ ᠤᠨ ᠲᠥᠰᠥᠪ ᠳᠣᠲᠣᠷᠠᠬᠢ ᠪᠡᠯᠡ ᠣᠷᠣᠭᠤᠯᠤᠯᠲᠠ ᠶᠢ 16 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠲᠥᠪ ᠤᠨ ᠡᠳ᠋ ᠤᠨ ᠵᠠᠰᠠᠭ ᠨᠡᠶᠢᠳᠡᠮ ᠬᠠᠷᠠᠭᠠᠯᠵᠠᠵᠤ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠵᠢᠱᠢᠶᠡᠴᠢ ᠲᠥᠰᠥᠯ ᠢ ᠳᠡᠮᠵᠢᠬᠦ ᠪᠡᠯᠡ ᠣᠷᠣᠭᠤᠯᠤᠯᠲᠠ ᠶᠢ 15 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠠᠶᠢᠳᠠᠨ ᠰᠠᠭᠠᠲᠠᠭᠤᠯᠬᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ 2024 ᠣᠨ ᠳᠤ᠂ ᠤᠯᠤᠰ ᠤᠨ ᠡᠳ᠋ ᠤᠨ ᠬᠦᠴᠦᠨ ᠤ ᠳᠡᠮᠵᠢᠯᠭᠡ ᠶᠢ ᠦᠷᠭᠦᠯᠵᠢᠯᠡᠨ ᠣᠯᠵᠤ᠂ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠨᠡᠶᠢᠳᠡᠮ ᠬᠠᠷᠠᠭᠠᠯᠵᠠᠵᠤ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠨᠠᠶᠢᠳᠠᠨ ᠰᠠᠭᠠᠲᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠵᠢᠷᠤᠮᠵᠢᠭᠤᠯᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠠᠤᠯᠢ ᠲᠣᠭᠲᠠᠭᠠᠯᠲᠠ ᠶᠢ ᠲᠦᠷᠭᠡᠳᠬᠡᠨ ᠠᠬᠢᠭᠤᠯᠵᠤ᠂ ᠨᠠᠶᠢᠳᠠᠨ ᠰᠠᠭᠠᠲᠠᠭᠤᠯᠬᠤ ᠶᠢᠨ ᠬᠠᠤᠯᠢ ᠶᠣᠰᠣ ᠪᠠᠷ ᠵᠢᠷᠤᠮᠵᠢᠯ ᠲᠠᠢ ᠬᠥᠭᠵᠢᠬᠦ ᠶᠢ ᠪᠠᠲᠤᠯᠠᠨ᠎ᠠ᠃        ᠦᠷᠡᠵᠢᠯ ᠳᠤ ᠨᠥᠬᠦᠷᠰᠡᠭ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠠ ᠳᠡᠯᠡᠬᠡᠢ ᠶᠢᠨ ᠬᠥᠮᠥᠨ ᠠᠮᠠ ᠶᠢᠨ ᠡᠳᠦᠷ᠂ ᠳᠡᠯᠡᠬᠡᠢ ᠶᠢᠨ ᠭᠡᠷ ᠪᠦᠯᠢ ᠶᠢᠨ ᠡᠳᠦᠷ᠂ ᠳᠡᠯᠡᠬᠡᠢ ᠶᠢᠨ ᠥᠬᠢᠳ ᠤᠨ ᠡᠳᠦᠷ ᠵᠡᠷᠭᠡ ᠴᠢᠬᠤᠯᠠ ᠴᠠᠭ ᠤᠨ ᠵᠠᠩᠭᠢᠯᠠᠭ᠎ᠠ ᠳᠤ ᠰᠢᠨ᠎ᠡ ᠮᠠᠶ᠋ᠢᠭ ᠤᠨ ᠤᠷᠤᠭ ᠦᠷᠡᠵᠢᠯ ᠤᠨ ᠰᠣᠶᠣᠯ ᠢ ᠦᠷᠭᠦᠯᠵᠢᠯᠡᠨ ᠤᠬᠠᠭᠤᠯᠤᠨ ᠪᠠᠳᠠᠷᠠᠭᠤᠯᠵᠤ᠂ ᠤᠷᠤᠭ ᠬᠤᠷᠢᠮ ᠤᠨ ᠶᠡᠭᠡ ᠪᠡᠯᠡᠳᠬᠡᠯ᠂ ᠥᠨᠳᠥᠷ ᠦᠨ᠎ᠡ ᠲᠠᠢ ᠪᠣᠭᠲᠣᠯᠠᠬᠤ ᠪᠡᠯᠡᠭ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠪᠳᠡᠵᠦ᠂ ᠵᠥᠪ ᠣᠨᠣᠪᠴᠢᠲᠠᠢ ᠢᠨᠠᠭ ᠤᠨ ᠦᠵᠡᠯᠲᠡ᠂ ᠭᠡᠷ ᠪᠦᠯᠢ ᠶᠢᠨ ᠦᠵᠡᠯᠲᠡ᠂ ᠦᠷᠡᠵᠢᠯ ᠤᠨ ᠦᠵᠡᠯᠲᠡ ᠶᠢ ᠪᠤᠢ ᠪᠣᠯᠭᠠᠬᠤ ᠶᠢ ᠵᠢᠯᠣᠭᠤᠳᠤᠨ᠎ᠠ᠃ ᠡᠷᠡᠭᠦᠯ ᠡᠩᠬᠡ ᠭᠡᠷ ᠪᠦᠯᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠵᠣᠯ ᠵᠢᠷᠭᠠᠯᠲᠤ ᠡᠷᠡᠭᠦᠯ ᠡᠩᠬᠡ ᠭᠡᠷ ᠪᠦᠯᠢ ᠶᠢᠨ ᠨᠡᠶᠢᠲᠡᠯᠢᠭ ᠵᠢᠱᠢᠶ᠎ᠡ ᠶᠢ ᠪᠤᠶᠢᠵᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号