ᠬᠤᠩᠭᠤᠷᠵᠤᠯᠠ ᠮᠠᠯᠵᠢᠬᠤ ᠠᠮᠢᠳᠤᠷᠠᠯ ᠤᠨ ᠵᠢᠷᠤᠭ ᠢ ᠭᠤᠶᠤ ᠵᠢᠷᠤᠳᠠᠭ
ᠨᠡᠶᠢᠲᠡᠯᠡᠭᠰᠡᠨ ᠴᠠᠭ᠄
2024/3/20
        ᠤᠷᠠᠨ ᠵᠢᠷᠤᠭ ᠪᠤᠯ ᠬᠦᠮᠦᠨ ᠤ ᠳᠦᠷᠰᠦᠯᠢᠭ ᠰᠡᠳᠬᠢᠬᠦᠢ ᠶᠢ ᠳᠡᠭᠡᠭᠰᠢᠯᠡᠬᠦᠯᠵᠤ᠂ ᠤᠬᠠᠭᠠᠨ ᠰᠠᠨᠠᠭ᠎ᠠ᠂ ᠭᠠᠷ ᠤᠨ ᠳᠡᠮ ᠢ ᠭᠠᠶᠢᠬᠠᠭᠤᠯᠤᠭᠰᠠᠨ ᠨᠢᠬᠡ ᠵᠤᠶᠢᠯ ᠤᠨ ᠤᠷᠠᠯᠢᠭ᠂ ᠵᠢᠷᠤᠭᠴᠢᠨ ᠤ ᠬᠠᠷᠠᠭᠠᠨ ᠳᠤ ᠶᠡᠷᠤᠮᠳᠡᠭ ᠵᠤᠶᠢᠯ ᠴᠦ ᠦᠩᠭᠡ ᠲᠠᠢ᠂ ᠠᠮᠢᠳᠤᠯᠢᠭ᠂ ᠤᠨᠳᠤᠤ ᠤᠴᠢᠷ ᠤᠬᠠᠭᠠᠨ ᠲᠠᠢ ᠬᠠᠷᠠᠭᠳᠠᠳᠠᠭ ᠢᠶᠠᠷ ᠢᠶᠠᠨ ᠤᠨᠴᠠᠯᠢᠭᠳᠠᠳᠠᠭ᠃         ᠵᠢᠷᠤᠭᠴᠢᠨ ᠬᠡᠤᠬᠡᠨ ᠬᠤᠩᠭᠤᠷᠵᠤᠯᠠ ᠲᠠᠢ ᠲᠠᠨᠢᠯᠴᠠᠬᠤᠢ         ᠰᠦᠨᠢᠳ ᠵᠡᠬᠦᠨ ᠬᠤᠰᠢᠭᠤᠨ ᠤ ᠬᠤᠩᠭᠤᠷ ᠰᠤᠮᠤᠨ ᠤ ᠲᠤᠮᠦ᠋ᠯᠠᠯᠲᠠ ᠭᠠᠴᠠᠭ᠎ᠠ ᠪᠠᠷ ᠨᠤᠲᠤᠭᠲᠠᠢ ᠬᠤᠩᠭᠤᠷᠵᠤᠯᠠ ᠬᠠᠷᠠᠬᠠᠨ ᠪᠠᠭ᠎ᠠ ᠠᠴᠠ ᠪᠠᠨ ᠤᠷᠠᠨ ᠵᠢᠷᠤᠭ ᠲᠤ ᠪᠠᠭ᠋ᠠᠲᠠᠢ ᠮᠦᠷᠲᠡᠬᠡᠨ ᠠᠪᠢᠶᠠᠰᠤᠯᠢᠭ ᠪᠠᠶᠢᠳᠠᠭ  ᠠᠴᠠ ᠦᠨᠳᠦᠷ ᠳᠤᠮᠳᠠᠳᠤ ᠪᠠᠨ ᠲᠡᠭᠦᠰᠮᠡᠭᠴᠡ ᠮᠤᠩᠭᠤᠯ ᠤᠯᠤᠰ ᠤᠨ ᠪᠤᠯᠪᠠᠰᠤᠷᠠᠯ ᠤᠨ ᠶᠡᠭᠡ ᠰᠤᠷᠭᠠᠭᠤᠯᠢ ᠳᠤ ᠲᠤᠰᠤᠨ ᠪᠤᠳᠤᠭ ᠤᠨ ᠲᠤᠰᠬᠠᠢ ᠮᠡᠷᠭᠡᠵᠢᠯ ᠢᠶᠠᠷ ᠳᠦᠷᠪᠡᠨ ᠵᠢᠯ ᠰᠤᠷᠤᠯᠴᠠᠵᠤ᠂ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠬᠦᠬᠡᠬᠤᠲᠠ ᠳᠤ ᠬᠤᠶᠠᠷ ᠵᠢᠯ ᠮᠤᠩᠭᠤᠯ ᠤᠨᠴᠠᠯᠢᠭᠲᠤ ᠵᠢᠷᠤᠭ ᠵᠢᠭᠠᠬᠤ ᠪᠠᠭᠰᠢ ᠪᠠᠷ ᠠᠵᠢᠯᠯᠠᠵᠤ᠂ ᠦᠪᠡᠷ ᠢ ᠪᠠᠨ ᠲᠠᠪᠲᠠᠨ ᠪᠤᠯᠪᠠᠰᠤᠷᠠᠭᠤᠯᠵᠤ ᠠᠵᠢᠯ ᠤᠨ ᠲᠤᠷᠰᠢᠯᠭ᠎ᠠ ᠪᠠᠨ ᠨᠡᠮᠡᠭᠳᠡᠬᠦᠯᠵᠡᠢ᠃         ᠬᠦᠳᠡᠭᠡ ᠳᠤ ᠪᠠᠨ ᠪᠤᠴᠠᠭᠰᠠᠨ ᠬᠤᠩᠭᠤᠷᠵᠤᠯᠠ         ᠬᠤᠩᠭᠤᠷᠵᠤᠯᠠ ᠬᠦᠬᠡᠬᠤᠲᠠ ᠳᠤ ᠬᠤᠶᠠᠷ ᠵᠢᠯ ᠪᠠᠭᠰᠢ ᠶᠢᠨ ᠠᠵᠢᠯ ᠬᠢᠵᠤ ᠪᠠᠶᠢᠭᠰᠠᠨ ᠢᠶᠠᠨ ᠬᠦᠳᠡᠭᠡ  ᠪᠠᠨ ᠬᠠᠷᠢᠵᠤ᠂ ᠭᠡᠷ ᠤᠨ ᠬᠦᠮᠦᠰ ᠲᠤ ᠪᠠᠨ ᠲᠤᠰᠠ ᠳᠡᠮ ᠪᠤᠯᠬᠤ ᠶᠢᠨ ᠬᠠᠮᠲᠤ ᠰᠤᠯᠠ ᠰᠡᠯᠡᠭᠦᠤ ᠴᠠᠭ ᠢᠶᠠᠷ ᠢᠶᠠᠨ ᠮᠠᠯᠵᠢᠬᠤ ᠠᠮᠢᠳᠤᠷᠠᠯ ᠢᠶᠠᠨ ᠵᠢᠷᠤᠭ ᠤᠨ ᠴᠠᠭᠠᠰᠤᠨ᠎ᠠ ᠠᠮᠢᠯᠠᠭᠤᠯᠵᠤ ᠯᠡ ᠰᠠᠭᠤᠳᠠᠭ᠃ ᠬᠤᠩᠭᠤᠷᠵᠤᠯᠠ ᠶᠢᠨ ᠶᠡᠬᠡᠩᠭᠢ ᠤᠷᠠᠨ ᠪᠦᠲᠦᠬᠡᠯ ᠨᠢ ᠳᠤᠯᠠᠭᠠᠬᠠᠨ ᠦᠩᠭᠡ ᠪᠤᠳᠤᠭ ᠲᠠᠢ ᠮᠠᠯᠵᠢᠬᠤ ᠠᠮᠢᠳᠤᠷᠠᠯ ᠢ ᠵᠢᠷᠤᠭᠯᠠᠭᠰᠠᠨ ᠬᠦᠬᠡᠷᠤᠬᠦᠨ ᠵᠢᠷᠤᠭ ᠤᠳ ᠪᠠᠶᠢᠳᠠᠭ᠂ ᠬᠠᠷᠠᠬᠠᠨ ᠪᠠᠭ᠎ᠠ ᠠᠴᠠ ᠪᠠᠨ ᠬᠦᠳᠡᠭᠡ ᠦᠰᠦᠭᠰᠡᠨ ᠲᠡᠷᠡ ᠮᠠᠯᠵᠢᠬᠤ ᠠᠮᠢᠳᠤᠷᠠᠯ ᠠᠴᠠ ᠪᠠᠨ ᠰᠡᠳᠤᠪᠯᠡᠬᠦ ᠪᠤᠶᠤ ᠤᠯᠠᠮᠵᠢᠯᠠᠯᠲᠤ ᠶᠤᠰᠤ ᠵᠠᠩᠰᠢᠯ ᠢ ᠬᠠᠷᠠᠭᠤᠯᠤᠭᠰᠠᠨ ᠺᠢᠨᠤ᠋ ᠵᠦᠴᠦᠬᠡ ᠠᠴᠠ ᠰᠡᠳᠤᠪᠯᠡᠵᠤ ᠬᠠᠭᠤᠴᠢᠨ ᠴᠠᠭ ᠪᠠ ᠤᠷᠴᠢᠨ ᠴᠠᠭ ᠤᠨ ᠠᠮᠢᠳᠤᠷᠠᠯ ᠤᠨ ᠵᠢᠷᠤᠭ ᠢ ᠬᠤᠯᠢᠯᠳᠤᠭᠤᠯᠤᠨ ᠵᠢᠷᠤᠵᠤ᠂ ᠬᠦᠮᠦᠰ ᠲᠤ ᠨᠢᠬᠡ ᠵᠤᠶᠢᠯ ᠤᠨ ᠰᠢᠨ᠎ᠡ ᠰᠡᠪᠡᠬᠦᠨ ᠲᠦᠷᠦᠭᠳᠡᠯ ᠤᠯᠭᠤᠳᠠᠭ ᠢᠶᠠᠷ ᠢᠶᠠᠨ ᠪᠤᠰᠤᠳ ᠵᠢᠷᠤᠭᠴᠢᠨ ᠠᠴᠠ ᠤᠨᠴᠠᠯᠢᠭᠳᠠᠳᠠᠭ᠃ ᠲᠡᠭᠦᠨ ᠤ ᠵᠢᠷᠤᠭᠰᠠᠨ ︽ᠲᠦᠯ ᠲᠤᠰᠴᠤ ᠪᠠᠶᠢᠭ᠎ᠠ ᠵᠢᠷᠤᠭ︾᠂ ︽ᠬᠦᠳᠡᠭᠡ ᠶᠢᠨ ᠬᠡᠤᠬᠡᠳ ᠪᠠ ᠪᠠᠩᠬᠠᠷ ᠬᠦᠯᠦᠬᠡ︾᠂ ︽ᠬᠡᠤᠬᠡᠳ ᠮᠤᠷᠢ ᠬᠤᠶᠠᠷ︾ ᠵᠡᠷᠭᠡ ᠤᠯᠠᠨ ᠰᠠᠶᠢᠬᠠᠨ ᠵᠢᠷᠤᠭ  ᠤᠳ ᠨᠢ ᠬᠦᠳᠡᠭᠡ ᠶᠢᠨ ᠠᠮᠢᠳᠤᠷᠠᠯ ᠢ ᠤᠷᠠᠨ ᠠᠮᠢᠳᠤᠯᠢᠭ ᠬᠠᠷᠠᠭᠤᠯᠤᠭᠰᠠᠨ ᠪᠠᠶᠢᠳᠠᠭ᠃         ᠰᠦᠯᠵᠢᠶ᠎ᠡ ᠲᠠᠪᠴᠠᠩ ᠢᠶᠠᠷ ᠵᠢᠷᠤᠭᠰᠠᠨ ᠪᠦᠲᠦᠬᠡᠯ ᠢᠶᠠᠨ ᠤᠯᠠᠨ᠎ᠠ ᠬᠠᠷᠠᠭᠤᠯᠤᠨ᠎ᠠ         ᠤᠶᠢᠷ᠎ᠠ ᠶᠢᠨ ᠬᠤᠶᠠᠷ ᠵᠢᠯ ᠠᠴᠠ ᠡᠬᠢᠯᠡᠨ ᠬᠤᠩᠭᠤᠷᠵᠤᠯᠠ ᠦᠪᠡᠷ ᠤᠨ ᠵᠢᠷᠤᠭᠰᠠᠨ ᠵᠢᠷᠤᠭ ᠢᠶᠠᠨ ᠴᠤᠤᠷᠢᠶ᠎ᠠ ᠲᠠᠪᠴᠠᠩ ᠢᠶᠠᠷ ᠨᠡᠶᠢᠲᠡᠯᠡᠵᠤ᠂ ᠮᠠᠰᠢ ᠤᠯᠠᠨ ᠬᠦᠮᠦᠰ ᠤᠨ ᠠᠩᠬᠠᠷᠤᠯ ᠳᠤ ᠬᠦᠷᠴᠤ᠂ ᠤᠯᠠᠨ ᠬᠦᠷᠢᠶᠡᠯᠡᠭᠴᠢ ᠲᠠᠢ ᠪᠤᠯᠵᠠᠢ᠃ ᠲᠡᠬᠦᠨ ᠤ ᠵᠢᠷᠤᠭᠰᠠᠨ ᠵᠢᠷᠤᠭ ᠢ ᠲᠤᠭᠤᠵᠤ ᠪᠠᠭ᠋ᠠᠷᠬᠠᠳᠠᠭ ᠬᠦᠮᠦᠰ ᠴᠦ ᠲᠤᠰᠬᠠᠢ ᠵᠢᠷᠤᠭ ᠵᠢᠷᠤᠭᠤᠯᠬᠤ ᠪᠠᠷ ᠵᠠᠬᠢᠶᠠᠯᠠᠭ᠎ᠠ ᠢᠷᠡᠬᠦᠯᠳᠡᠭ᠃ ᠬᠤᠩᠭᠤᠷᠵᠤᠯᠠ ᠠᠵᠢᠯ ᠤᠨ ᠢᠶᠠᠨ ᠰᠤᠯᠠ ᠰᠡᠯᠡᠬᠦᠤ ᠴᠠᠭ ᠢ ᠠᠰᠢᠭᠯᠠᠨ ᠦᠪᠡᠷ ᠤᠨ ᠪᠤᠳᠤᠵᠤ ᠰᠡᠳᠤᠪᠯᠡᠭᠰᠡᠨ ᠵᠤᠶᠢᠯ ᠢᠶᠠᠨ ᠵᠢᠷᠤᠳᠠᠭ ᠢᠶᠠᠷ ᠪᠠᠷᠠᠬᠤ ᠦᠬᠡᠢ᠂ ᠵᠠᠬᠢᠶᠠᠯᠠᠭ᠎ᠠ ᠶᠢᠨ ᠵᠢᠷᠤᠭ ᠢᠶᠠᠨ ᠵᠢᠷᠤᠭᠠᠳ ᠴᠦ ᠮᠠᠰᠢ ᠶᠠᠭᠠᠷᠠᠯᠲᠠᠢ᠃         ᠬᠤᠩᠭᠤᠷᠵᠤᠯᠠ ᠶᠢᠨ ᠬᠤᠯᠠ ᠶᠢᠨ ᠬᠠᠷᠠᠯᠲᠠ ᠬᠤᠵᠢᠮ ᠤᠨ ᠲᠦᠯᠦᠪᠯᠡᠭᠡ         ᠬᠤᠩᠭᠤᠷᠵᠤᠯᠠ ᠬᠡᠳᠤᠶᠢᠪᠡᠷ ᠤᠳᠤᠬᠠᠨ ᠳᠤ ᠪᠠᠨ ᠬᠦᠳᠡᠭᠡ ᠪᠠᠨ ᠮᠠᠯᠵᠢᠬᠤ ᠠᠮᠢᠳᠤᠷᠠᠯ ᠢᠶᠠᠨ ᠬᠢᠵᠤ ᠪᠠᠶᠢᠭ᠎ᠠ ᠪᠤᠯᠪᠠᠴᠤ ᠦᠪᠡᠷ ᠤᠨ ᠭᠡᠰᠡᠨ ᠬᠦᠰᠡᠯ ᠮᠦᠷᠦᠬᠡᠳᠤᠯ ᠢᠶᠠᠨ ᠶᠡᠷᠤ ᠠᠴᠠ ᠲᠠᠶᠠᠭᠳᠠᠵᠤ ᠤᠮᠠᠷᠳᠠᠵᠤ ᠪᠠᠶᠢᠭ᠎ᠠ ᠦᠬᠡᠢ᠂ ᠤᠯᠠᠨ ᠠᠵᠢᠯ ᠢ ᠵᠡᠷᠭᠡᠳᠡ ᠠᠮᠵᠢᠭᠤᠯᠵᠤ ᠦᠪᠡᠷ ᠢ ᠪᠠᠨ ᠲᠠᠪᠲᠠᠨ ᠪᠤᠯᠪᠠᠰᠤᠷᠠᠭᠤᠯᠵᠤ ᠪᠠᠶᠢᠭ᠎ᠠ ᠨᠢ ᠴᠦ ᠬᠤᠵᠢᠮ ᠤᠨ ᠠᠵᠢᠯ ᠦᠢᠯᠡᠰ ᠲᠤ ᠪᠠᠨ ᠰᠠᠭᠤᠷᠢ ᠲᠠᠯᠪᠢᠵᠤ ᠪᠠᠶᠢᠭ᠎ᠠ ᠪᠢᠯᠡ᠃         ᠬᠤᠩᠭᠤᠷᠵᠤᠯᠠ᠄ ︽ᠪᠢ ᠬᠠᠷᠠᠬᠠᠨ ᠪᠠᠭ᠎ᠠ ᠠᠴᠠ ᠪᠠᠨ ᠵᠢᠷᠤᠭ ᠵᠢᠷᠤᠬᠤ ᠳᠤᠷ᠎ᠠ ᠪᠠᠭ᠋ᠠᠲᠠᠢ᠂ ᠲᠡᠷᠡ ᠮᠦᠷᠲᠡᠬᠡᠨ ᠬᠡᠤᠬᠡᠯᠲᠡᠢ ᠮᠠᠶ᠋ᠢᠭ ᠤᠨ ᠵᠢᠷᠤᠭ ᠵᠢᠷᠤᠬᠤ ᠬᠡᠯᠪᠡᠷᠢ ᠪᠠᠷ ᠬᠦᠮᠦᠰ ᠲᠤ ᠪᠠᠶᠠᠷ ᠪᠠᠭ᠋ᠠᠳᠤᠯ᠂ ᠵᠢᠷᠭᠠᠯᠲᠤ ᠲᠦᠷᠦᠭᠳᠷᠯ ᠦᠭᠬᠦ ᠶᠢ ᠬᠢᠴᠢᠶᠡᠳᠡᠭ᠃ ᠪᠠᠭ᠋ᠠᠲᠠᠢ ᠵᠤᠶᠢᠯ ᠢᠶᠠᠨ ᠦᠪᠡᠷ ᠤᠨ ᠠᠵᠢᠯ ᠦᠢᠯᠡᠰ ᠢᠶᠠᠨ ᠪᠤᠯᠭᠠᠵᠤ ᠬᠦᠭᠵᠢᠬᠡᠬᠦ ᠬᠦᠰᠡᠯ ᠮᠦᠷᠦᠬᠡᠳᠤᠯ ᠴᠦ ᠮᠢᠨᠤ ᠪᠤᠳᠤᠯ ᠰᠡᠳᠬᠢᠯ ᠳᠤ ᠪᠤᠢ᠂ ᠨᠢᠳᠤᠨ ᠡᠮᠦᠨᠡᠬᠢ ᠬᠠᠷᠠᠯᠲᠠ ᠬᠡᠪᠡᠯ ᠦᠪᠡᠷ ᠤᠨ ᠭᠡᠰᠡᠨ ᠤᠷᠠᠨ ᠵᠢᠷᠤᠭ ᠤᠨ ᠰᠤᠷᠭᠠᠯᠲᠠ ᠶᠢᠨ ᠲᠦᠪ ᠪᠠᠶᠢᠭᠤᠯᠵᠤ ᠬᠡᠣᠬᠡᠳ ᠳᠡᠭᠦᠤᠨᠠᠷ ᠲᠤ ᠪᠠᠨ ᠰᠤᠷᠤᠭᠰᠠᠨ ᠵᠤᠶᠢᠯ ᠢᠶᠠᠨ ᠵᠢᠭᠠᠨ᠎ᠠ᠂ ᠬᠤᠯᠠ ᠶᠢᠨ ᠬᠠᠷᠠᠯᠲᠠ ᠭᠡᠪᠡᠯ ᠤᠯᠠᠨ ᠰᠠᠶᠢᠬᠠᠨ ᠲᠤᠰᠤᠨ ᠪᠤᠳᠤᠭ ᠤᠨ ᠵᠢᠷᠤᠭ  ᠢᠶᠠᠨ ᠵᠢᠷᠤᠵᠤ ᠦᠪᠡᠷ ᠤᠨ ᠬᠡᠰᠡᠨ ᠤᠷᠠᠨ ᠵᠢᠷᠤᠭ ᠤᠨ ᠦᠵᠡᠰᠬᠦᠯᠡᠩ ᠭᠠᠷᠭᠠᠨ᠎ᠠ︾ ᠭᠡᠮᠡᠨ ᠪᠠᠶᠠᠷᠲᠠᠢ ᠶᠠᠷᠢᠯ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号