︵ᠨᠢᠭᠡ︶ ᠠᠷᠠᠴᠢᠯᠠᠯᠲᠠ ᠶᠢ ᠴᠢᠩᠭᠠᠳᠬᠠᠬᠤ ᠡᠨᠡ ᠨᠢ ᠡᠮᠴᠢᠯᠡᠭᠡ ᠶᠢᠨ ᠠᠵᠢᠯ ᠤᠨ ᠰᠠᠭᠤᠷᠢ ᠪᠣᠯᠣᠨ᠎ᠠ᠃ | ᠬᠠᠯᠳᠠᠪᠤᠷᠢᠲᠤ ᠡᠪᠡᠳᠴᠢᠨ ᠲᠠᠢ ᠮᠠᠯ ᠢ ᠮᠠᠯ ᠤᠨ ᠬᠠᠰᠢᠶᠠᠨ ᠳᠤ ᠲᠤᠰᠠᠭᠠᠷᠯᠠᠵᠤ ᠡᠪᠦᠯ ᠤᠨ ᠤᠯᠠᠷᠢᠯ ᠳᠤ ᠬᠦᠢᠲᠡᠨ ᠠᠴᠠ | ᠰᠡᠷᠭᠡᠶᠢᠯᠡᠨ ᠳᠤᠯᠠᠭᠠᠯᠠᠬᠤ᠂ ᠵᠤᠨ ᠤ ᠤᠯᠠᠷᠢᠯ ᠳᠤ ᠬᠠᠯᠠᠭᠤᠨ ᠠᠴᠠ ᠰᠡᠷᠭᠡᠶᠢᠯᠡᠨ ᠰᠡᠷᠢᠭᠦᠴᠡᠭᠦᠯᠬᠦ ᠶᠢᠨ ᠬᠠᠮᠲᠤ ᠰᠢᠩᠭᠡᠭᠡᠯᠲᠡ | ᠰᠠᠶᠢᠲᠠᠢ ᠪᠣᠷᠳᠣᠭᠠᠨ ᠤ ᠵᠦᠢᠯ ᠢ ᠭᠦᠢᠴᠡᠳ ᠬᠠᠩᠭᠠᠵᠤ᠂ ᠡᠪᠡᠳᠴᠢᠨ ᠲᠠᠢ ᠮᠠᠯ ᠢ ᠭᠡᠷᠡᠯ᠂ ᠰᠠᠯᠬᠢ ᠨᠡᠪᠲᠡᠷᠡᠯᠲᠡ ᠰᠠᠶᠢᠲᠠᠢ᠂ | ᠴᠡᠪᠡᠷ ᠬᠠᠭᠤᠷᠠᠢ ᠣᠷᠴᠢᠨ ᠳᠤ ᠡᠮᠴᠢᠯᠡᠬᠦ ᠬᠡᠷᠡᠭᠲᠡᠢ᠃ ᠴᠢᠬᠤᠯᠠ ᠲᠠᠢ ᠦᠶ᠎ᠡ ᠳᠤ ᠬᠥᠮᠥᠨ ᠤ ᠬᠦᠴᠦ ᠪᠠᠷ ᠤᠤᠭᠤᠯᠭᠠᠨ᠎ᠠ᠂ | ᠡᠪᠡᠳᠴᠢᠨ ᠢ ᠨᠢ ᠦᠨᠳᠦᠰᠦᠯᠡᠨ ᠦᠵᠦᠮ ᠤᠨ ᠰᠢᠬᠢᠷ᠂ ᠸᠢᠲ᠋ᠠᠮᠢᠨ ᠪᠠ ᠪᠤᠰᠤᠳ ᠰᠢᠮ᠎ᠡ ᠲᠡᠵᠢᠭᠡᠯ ᠥᠭᠭᠦᠨ᠎ᠡ᠃ | ︵ᠬᠤᠶᠠᠷ︶ ᠰᠢᠨᠵᠢ ᠲᠡᠮᠳᠡᠭ ᠤᠨ ᠡᠮᠴᠢᠯᠡᠭᠡ ᠬᠠᠯᠳᠠᠪᠤᠷᠢᠲᠤ ᠡᠪᠡᠳᠴᠢᠨ ᠢ ᠡᠮᠴᠢᠯᠡᠬᠦ ᠳᠤ ᠵᠠᠷᠢᠮ ᠬᠦᠨᠳᠦ | ᠨᠣᠴᠢᠲᠠᠢ ᠰᠢᠨᠵᠢ ᠲᠡᠮᠳᠡᠭ ᠢ ᠨᠠᠮᠳᠠᠭᠤᠯᠬᠤ ᠪᠤᠶᠤ ᠠᠷᠢᠯᠭᠠᠵᠤ᠂ ᠪᠡᠶ᠎ᠡ ᠶᠢᠨ ᠹᠢᠽᠢᠣᠯᠣᠭᠢ ᠶᠢᠨ ᠠᠵᠢᠯᠯᠠᠭ᠎ᠠ ᠶᠢ | ᠲᠣᠬᠢᠷᠠᠭᠤᠯᠬᠤ ᠪᠠ ᠰᠡᠷᠭᠦᠭᠡᠬᠦ ᠶᠢᠨ ᠲᠥᠯᠥᠭᠡ ᠳᠣᠲᠣᠷ᠎ᠠ᠂ ᠭᠠᠳᠠᠷ ᠡᠮᠨᠡᠯᠭᠡ ᠶᠢᠨ ᠡᠮᠴᠢᠯᠡᠭᠡ ᠬᠢᠨ᠎ᠡ᠃ ᠵᠢᠱᠢᠶᠡᠯᠡᠪᠡᠯ᠂ | ᠬᠠᠯᠠᠭᠤᠨ ᠢ ᠪᠠᠭᠤᠷᠠᠭᠤᠯᠬᠤ᠂ ᠡᠪᠡᠳᠬᠦ ᠶᠢ ᠵᠣᠭᠰᠤᠭᠠᠬᠤ᠂ ᠴᠢᠰᠤ ᠵᠣᠭᠰᠤᠭᠠᠬᠤ᠂ ᠠᠮᠤᠷᠵᠢᠭᠤᠯᠬᠤ᠂ ᠵᠢᠷᠦᠬᠡ | ᠰᠠᠶᠢᠵᠢᠷᠠᠭᠤᠯᠬᠤ᠂ ᠰᠢᠭᠡᠯᠭᠡᠬᠦ᠂ ᠴᠢᠴᠠᠭ᠎ᠠ ᠠᠯᠳᠠᠬᠤ ᠶᠢ ᠵᠣᠭᠰᠤᠭᠠᠬᠤ᠂ ᠬᠦᠴᠢᠯ ᠱᠦᠯᠲᠦ ᠳᠤ ᠬᠤᠣᠷᠳᠠᠭᠳᠠᠬᠤ ᠶᠢ | ᠰᠡᠷᠭᠡᠶᠢᠯᠡᠬᠦ᠂ ᠲᠦᠷᠭᠡᠨ ᠠᠪᠤᠷᠠᠯᠲᠠ ᠶᠢᠨ ᠮᠡᠰᠡ ᠵᠠᠰᠠᠯ᠂ ᠬᠡᠰᠡᠭ ᠭᠠᠵᠠᠷ ᠤᠨ ᠡᠮᠴᠢᠯᠡᠭᠡ ᠵᠡᠷᠭᠡ ᠪᠠᠭᠲᠠᠨ᠎ᠠ᠃ | ︵ᠭᠤᠷᠪᠠ︶ ᠰᠦᠷᠦᠭ ᠤᠨ ᠡᠮᠴᠢᠯᠡᠭᠡ ᠰᠦᠷᠦᠭ ᠲᠤ ᠡᠮ ᠦᠭᠬᠦ ᠠᠴᠠ ᠭᠠᠳᠠᠨ᠎ᠠ ᠪᠠᠰᠠ ᠸᠠᠺᠽᠢᠨ ᠪᠠ ᠴᠢᠰᠤᠨ | ᠴᠠᠶᠢᠪᠠᠩ ᠤᠨ ᠲᠠᠷᠢᠯᠭ᠎ᠠ ᠲᠠᠷᠢᠨ᠎ᠠ᠃ | ︽ᠮᠠᠯ ᠤᠨ ᠬᠠᠯᠳᠠᠪᠤᠷᠢᠲᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ | |