ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠮᠡᠳᠡᠭᠦᠯᠬᠦ ᠠᠷᠭ᠎ᠠ
ᠨᠡᠶᠢᠲᠡᠯᠡᠭᠰᠡᠨ ᠴᠠᠭ᠄
2024/3/20
ᠦᠷᠭᠡᠨ ᠤᠯᠠᠨ ᠮᠠᠯᠴᠢᠨ ᠲᠦᠮᠡᠨ᠄       ᠬᠤᠯᠤᠭᠠᠨ᠎ᠠ᠂ ᠲᠠᠤᠯᠠᠢ᠂ ᠦᠨᠡᠭᠡ᠂ ᠴᠢᠨ᠋ᠸ᠎ᠡ᠂ ᠲᠠᠷᠪᠠᠭ᠎ᠠ ᠵᠡᠷᠭᠡ ᠠᠮᠢᠲᠠᠨ ᠲᠠᠢ ᠤᠶᠢᠷᠠᠲᠤᠵᠤ ᠪᠤᠯᠬᠤ ᠦᠭᠡᠢ᠂ ᠠᠷᠠᠰᠤ ᠶᠢ ᠨᠢ ᠥᠪᠴᠢᠬᠦ ᠪᠠ ᠠᠪᠴᠤ ᠶᠠᠪᠤᠬᠤ ᠦᠭᠡᠢ᠃ ᠮᠡᠷᠡᠭᠴᠢ ᠠᠮᠢᠲᠠᠨ ︵ᠲᠠᠷᠪᠠᠭ᠎ᠠ ᠶᠢ ᠪᠠᠭᠲᠠᠨ᠎ᠠ︶᠂ ᠬᠡᠭᠡᠷ᠎ᠡ ᠶᠢᠨ ᠲᠠᠤᠯᠠᠢ ᠵᠡᠷᠭᠡ ᠠᠮᠢᠲᠠᠨ ᠤ ᠡᠭᠦᠷ᠂ ᠬᠡᠪᠳᠡᠷᠢ ᠶᠢᠨ ᠲᠤᠭᠤᠷᠢᠨ ᠳᠤ ᠠᠮᠠᠷᠠᠵᠤ ᠰᠠᠭᠤᠵᠣ ᠪᠤᠯᠬᠤ ᠦᠭᠡᠢ᠂ ᠨᠡᠩ ᠴᠤ ᠠᠮᠢᠲᠠᠨ ᠤ ᠡᠭᠦᠷ ᠢ ᠮᠠᠯᠲᠠᠵᠤ ᠪᠤᠯᠬᠤ ᠦᠭᠡᠢ᠃ ᠭᠡᠨᠡᠳᠲᠡ ᠨᠠᠰᠤ ᠪᠠᠷᠠᠭᠰᠠᠨ ᠡᠪᠡᠳᠴᠢᠲᠡᠨ᠂ ᠬᠤᠯᠤᠭᠠᠨ᠎ᠠ ᠶᠢᠨ ᠬᠢᠵᠢᠭ ᠶᠢᠨ ᠰᠡᠵᠢᠭᠯᠡᠯᠲᠠᠢ ᠡᠪᠡᠳᠴᠢᠲᠡᠨ᠂ ᠬᠤᠯᠤᠭᠠᠨ᠎ᠠ ᠶᠢᠨ ᠬᠢᠵᠢᠭ ᠢᠶᠠᠷ ᠤᠨᠤᠰᠢᠯᠠᠭᠳᠠᠭᠰᠠᠨ ᠡᠪᠡᠳᠴᠢᠲᠡᠨ ᠲᠠᠢ ᠤᠶᠢᠷᠠᠲᠤᠵᠤ ᠪᠤᠯᠬᠤ ᠦᠭᠡᠢ᠃       ᠦᠬᠦᠭᠰᠡᠨ ᠬᠤᠯᠤᠭᠠᠨ᠎ᠠ᠂ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠲᠡᠨ᠂ ᠰᠢᠯᠲᠠᠭᠠᠨ  ᠨᠢ ᠲᠤᠳᠤᠷᠬᠠᠢ ᠦᠭᠡᠢ ᠶᠡᠭᠡ ᠬᠠᠯᠠᠭᠤᠷᠠᠭᠰᠠᠨ ᠡᠪᠡᠳᠴᠢᠲᠡᠨ ᠪᠠ ᠭᠡᠨᠡᠳᠲᠡ ᠨᠠᠰᠤ ᠪᠠᠷᠠᠭᠰᠠᠨ ᠡᠪᠡᠳᠴᠢᠲᠡᠨ ᠢ ᠴᠠᠭ ᠳᠠᠷᠤᠢ ᠲᠤᠨᠢ ᠮᠡᠳᠡᠭᠦᠯᠬᠦ ᠬᠡᠷᠡᠭᠲᠠᠢ᠃ ᠭᠡᠷ ᠤᠷᠤᠨ ᠵᠢᠴᠢ ᠡᠷᠬᠢᠨ ᠲᠤᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠳᠤᠭᠲᠠᠭᠰᠠᠨ ᠬᠤᠭᠤᠴᠠᠭ᠎ᠠ ᠲᠠᠢ ᠪᠠᠷ ᠪᠥᠭᠡᠰᠦ ᠶᠢ ᠤᠰᠠᠳᠬᠠᠬᠤ ᠬᠡᠷᠡᠭᠲᠠᠢ᠃ ᠡᠪᠡᠳᠴᠢᠲᠡᠨ ᠢ ᠲᠤᠬᠠᠢ ᠶᠢᠨ ᠭᠠᠵᠠᠷ  ᠲᠤᠨᠢ ᠡᠮᠨᠡᠨ ᠵᠠᠰᠠᠬᠤ᠂ ᠠᠯᠢ ᠲᠦᠷᠭᠡᠨ ᠢᠶᠠᠷ ᠡᠮᠴᠢᠯᠡᠭᠡ ᠬᠦᠷᠲᠡᠬᠦ ᠶᠢ ᠪᠠᠲᠤᠯᠠᠬᠤ ᠬᠡᠷᠡᠭᠲᠠᠢ᠃       ᠬᠡᠭᠡᠷ᠎ᠡ ᠭᠠᠲᠠᠨ᠎ᠠ ᠶᠠᠪᠤᠵᠤ ᠰᠠᠭᠤᠬᠤ ᠳᠤ ᠪᠠᠨ ᠤᠷᠲᠤ ᠰᠢᠷᠬᠤᠨᠠᠭ ᠲᠠᠢ ᠥᠮᠦᠳᠦ᠂ ᠤᠷᠲᠦ ᠬᠠᠨᠴᠤᠢ ᠲᠠᠢ ᠬᠦᠷᠮ᠎ᠡ ᠡᠮᠦᠰᠴᠦ ᠪᠥᠲᠦᠮᠵᠢ ᠲᠠᠢ ᠬᠠᠮᠠᠭᠠᠯᠠᠯᠲᠠ ᠬᠢᠬᠦ ᠬᠡᠷᠡᠭᠲᠠᠢ᠃ ᠴᠢᠬᠤᠯᠠ ᠲᠠᠢ ᠦᠶ᠎ᠡ ᠳᠤ ᠦᠨᠳᠦᠷ ᠲᠦᠷᠡᠢ  ᠲᠠᠢ ᠭᠤᠲᠤᠯ ᠪᠤᠶᠤ ᠪᠥᠭᠡᠰᠦ ᠰᠡᠷᠭᠡᠶᠢᠯᠡᠬᠦ ᠤᠶᠢᠮᠤᠰᠦ ᠡᠮᠦᠰᠦᠨ᠎ᠡ᠃ ᠮᠠᠯ ᠬᠠᠷᠢᠭᠤᠯᠬᠤ ᠬᠦᠮᠦᠰ᠂ ᠬᠤᠯᠤᠭᠠᠨ᠎ᠠ ᠤᠰᠠᠳᠬᠠᠬᠤ ᠬᠦᠮᠦᠰ᠂ ᠬᠡᠭᠡᠷ᠎ᠡ ᠭᠠᠲᠠᠨ᠎ᠠ ᠠᠵᠢᠯᠯᠠᠭᠰᠠᠳ ᠪᠠ ᠬᠢᠵᠢᠭ ᠤᠨ ᠤᠷᠤᠨ ᠳᠠᠬᠢ ᠰᠠᠭᠤᠭᠠᠯᠢ ᠠᠷᠠᠳ ᠡᠳᠦᠷ ᠳᠤᠲᠤᠮ ᠤᠨ ᠡᠷᠡᠭᠦᠯ ᠮᠡᠨᠲᠦ ᠶᠢᠨ ᠬᠢᠨᠠᠯᠲᠠ ᠪᠠᠨ ᠴᠢᠩᠭ᠎ᠠ ᠬᠢᠵᠦ᠂ ᠭᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠢ ᠲᠤᠨᠢ ᠮᠡᠳᠡᠭᠦᠯᠬᠦ ᠬᠡᠷᠡᠭᠲᠠᠢ᠃ ᠬᠢᠵᠢᠭ ᠤᠨ ᠴᠡᠭ ᠲᠤ ᠤᠷᠤᠵᠤ ᠭᠠᠷᠬᠤ ᠬᠦᠮᠦᠰ ᠬᠠᠮᠠᠭᠠᠯᠠᠯᠲᠠ ᠪᠠᠨ ᠰᠠᠶᠢᠨ ᠬᠢᠵᠦ᠂ ᠪᠥᠲᠦᠮᠵᠢᠲᠠᠢ ᠬᠠᠮᠭᠠᠯᠠᠯᠲᠠ ᠦᠭᠡᠢ ᠪᠠᠷ ᠬᠢᠵᠢᠭ ᠤᠨ ᠴᠡᠭ ᠲᠤ ᠤᠷᠤᠵᠤ ᠪᠤᠯᠬᠤ ᠦᠭᠡᠢ᠃        ᠦᠬᠦᠭᠰᠡᠨ ᠬᠤᠯᠤᠭᠠᠨ᠎ᠠ ᠵᠢᠴᠢ ᠬᠡᠭᠡᠷ᠎ᠡ ᠶᠢᠨ ᠠᠮᠢᠲᠠᠨ᠂ ᠬᠤᠯᠤᠭᠠᠨ᠎ᠠ ᠶᠢᠨ ᠬᠢᠵᠢᠭ ᠤᠨ ᠰᠡᠵᠢᠭᠯᠡᠲᠠᠢ ᠡᠪᠳᠴᠢᠲᠡᠨ᠂ ᠰᠢᠯᠲᠠᠭᠠᠨ ᠨᠢ ᠲᠤᠳᠤᠷᠬᠠᠢ ᠦᠭᠡᠢ ᠶᠡᠭᠡ ᠬᠠᠯᠠᠭᠤᠷᠠᠭᠰᠠᠨ ᠡᠪᠡᠳᠴᠢᠲᠡᠨ ᠪᠠ ᠨᠠᠰᠤ ᠪᠠᠷᠠᠭᠰᠠᠨ ᠡᠪᠡᠳᠴᠢᠲᠡᠨ ᠢ ᠴᠠᠭ ᠳᠠᠷᠤᠢ ᠲᠤᠨᠢ ᠮᠡᠳᠡᠭᠦᠯᠦᠭᠡᠷᠠᠢ᠂ ᠬᠤᠪᠢ ᠪᠠᠷ ᠢᠶᠠᠨ ᠰᠢᠢᠳᠪᠥᠷᠢᠯᠡᠵᠦ ᠪᠤᠯᠬᠤ ᠦᠭᠡᠢ᠃          ᠮᠡᠳᠡᠭᠦᠯᠬᠦ ᠤᠲᠠᠰᠤ᠄ ᠰᠤᠮᠤᠨ ᠤ ᠠᠷᠠᠳ ᠤᠨ ᠵᠠᠰᠠᠭ ᠤᠨ ᠤᠷᠳᠤᠨ᠄ 15204797913                         ᠬᠤᠰᠢᠭᠤ ᠬᠢᠵᠢᠭ ᠢ ᠰᠡᠷᠭᠡᠶᠢᠯᠡᠬᠦ ᠲᠥᠪ᠄ 2522161              ᠰᠦᠨᠢᠳ ᠵᠡᠭᠦᠨ ᠬᠤᠰᠢᠭᠤᠨ ᠤ ᠪᠠᠶ᠋ᠬᠠᠭᠤᠯᠠ ᠰᠤᠮᠤᠨ ᠤ ᠠᠷᠠᠳ ᠤᠨ ᠵᠠᠰᠠᠭ ᠤᠨ ᠤᠷᠳᠤᠨ
 
ᠢᠷᠡᠯᠲᠡ᠄ ᠪᠠᠶᠠᠠᠭᠤᠯᠠ ᠰᠤᠮᠤ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号